ᠬᠦᠯᠦᠨ ᠵᠠᠰᠠᠭ ᠦᠰᠦᠭ ﹇2023﹈ 37 ᠳ᠋ᠤᠭᠠᠷ ᠲᠤᠭᠠᠲᠤ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽ᠪᠥᠬᠦ ᠬᠤᠲᠠ ᠶᠢᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠥᠷᠥᠯ ᠵᠦᠢᠯ ᠢ | ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠵᠠᠭᠪᠤᠷ ᠢᠶᠠᠷ ᠬᠡᠷᠡᠭᠵᠢᠭᠦᠯᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠲᠠᠷᠢᠶᠠᠯᠠᠩ ᠮᠠᠯ ᠲᠠᠷᠬᠠᠭᠠᠭᠰᠠᠨ | ﹇2023﹈ 115 ᠳ᠋ᠤᠭᠠᠷ ᠲᠣᠭᠠᠲᠤ︶ ᠶᠢ ᠣᠯᠵᠤ ᠣᠶᠢᠯᠠᠭᠠᠪᠠ᠃ ᠰᠤᠳᠤᠯᠬᠤ ᠪᠠᠷ ᠲᠠᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ᠲᠠᠨ ᠤ ᠲᠣᠪᠴᠢᠶ᠎ᠠ ᠳᠤ ᠡᠷᠬᠡ ᠣᠯᠭᠤᠵᠤ ᠬᠡᠷᠡᠭᠵᠢᠭᠦᠯᠬᠦ ᠪᠠᠶᠢᠭᠤᠯᠤᠮᠵᠢ ᠪᠣᠯᠭᠠᠵᠤ᠂ ᠪᠥᠬᠦ ᠬᠤᠲᠠ ᠶᠢᠨ ᠡᠪᠡᠳᠴᠢᠨ ᠢᠶᠠᠷ ᠦᠬᠦᠭᠰᠡᠨ ᠮᠠᠯ ᠢ ᠬᠤᠣᠷ | ᠦᠭᠡᠶᠢᠵᠢᠬᠦᠯᠦᠨ ᠰᠢᠢᠳᠪᠦᠷᠢᠯᠡᠬᠦ ᠲᠥᠷᠥᠯ ᠵᠦᠢᠯ ᠤᠨ ᠤᠨᠴᠠ ᠵᠦᠪᠰᠢᠶᠡᠷᠡᠯ ᠤᠨ ᠡᠵᠡᠩᠨᠡᠯᠲᠡ ᠶᠢᠨ ᠡᠷᠬᠡ ᠶᠢᠨ ᠬᠤᠯᠪᠣᠭᠳᠠᠯ ᠪᠦᠬᠦᠢ ᠬᠡᠷᠡᠭᠵᠢᠭᠦᠯᠬᠦ ᠠᠵᠢᠯ ᠢ | ᠥᠷᠨᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠥᠬᠦ ᠬᠤᠲᠠ ᠶᠢᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ | ᠰᠢᠢᠳᠪᠦᠷᠢᠯᠡᠬᠦ ᠦᠢᠯᠡᠳᠪᠦᠷᠢ ᠶᠢᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠪᠠ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠮᠡᠳᠡᠭᠦᠯᠦᠨ | ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠬᠠᠷᠢᠭᠤᠴᠠᠨ᠎ᠠ᠃ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠪᠡᠯᠡ ᠣᠷᠣᠭᠤᠯᠤᠭᠴᠢ ᠶᠢᠨ | ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠬᠤ ᠶᠢᠨ ᠬᠠᠮᠲᠤ᠂ ᠡᠯᠰᠡᠨ ᠴᠤᠭᠯᠠᠭᠤᠯᠵᠤ ᠳᠠᠭᠤᠰᠤᠭᠰᠠᠨ ᠤ ᠳᠠᠷᠠᠭ᠎ᠠ ᠡᠯ᠎ᠡ ᠬᠤᠰᠢᠭᠤ ᠬᠤᠲᠠ | ᠲᠣᠭᠤᠷᠢᠭ ᠤᠨ ᠪᠣᠳᠠᠲᠠᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠦᠲᠦᠯᠦᠨ ᠵᠢᠯᠤᠭᠤᠳᠴᠤ᠂ ᠳᠠᠭᠠᠭᠠᠴᠢᠯᠠᠯᠲᠠ ᠣᠯᠣᠭᠰᠠᠨ ᠣᠨᠴᠠ ᠵᠥᠪᠰᠢᠶᠡᠷᠡᠯ ᠲᠠᠢ | ᠡᠵᠡᠩᠨᠡᠯᠲᠡ ᠶᠢᠨ ᠪᠡᠯᠡ ᠣᠷᠣᠭᠤᠯᠤᠭᠴᠢ ᠯᠤᠭ᠎ᠠ ︽ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠥᠪᠯᠡᠯᠴᠡᠭᠡᠷ︾ ᠲᠤᠭᠲᠠᠵᠤ᠂ ᠣᠨᠴᠠ ᠵᠥᠪᠰᠢᠶᠡᠷᠡᠯ ᠲᠠᠢ | ᠡᠵᠡᠩᠨᠡᠯᠲᠡ ᠶᠢᠨ ᠬᠤᠭᠤᠴᠠᠭ᠎ᠠ ᠬᠢᠵᠠᠭᠠᠷ ᠵᠢᠴᠢ ᠣᠷᠣᠨ ᠪᠦᠰᠡ ᠶᠢᠨ ᠬᠡᠪᠴᠢᠶ᠎ᠡ ᠶᠢ ᠲᠣᠭᠲᠠᠭᠠᠨ᠎ᠠ᠃ | ᠭᠤᠷᠪᠠ᠂ ︽ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ᠵᠢᠴᠢ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠡᠪᠡᠳᠴᠢᠨ ᠢᠶᠠᠷ ᠦᠬᠦᠭᠰᠡᠨ | ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠥᠷᠥᠯ ᠵᠦᠢᠯ ᠤᠨ ᠤᠨᠴᠠ ᠵᠦᠪᠰᠢᠶᠡᠷᠡᠯ ᠶᠢᠨ ᠡᠵᠡᠩᠨᠡᠯᠲᠡ ᠶᠢᠨ ᠬᠠᠮᠢᠶ᠎ᠠ ᠪᠦᠬᠦᠢ ᠠᠵᠢᠯ ᠤᠨ ᠬᠠᠤᠯᠢ | ᠶᠣᠰᠣᠭᠠᠷ᠂ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠠᠶᠢᠬᠤ ᠶᠢ ᠦᠨᠡᠨᠬᠦ ᠪᠠᠲᠤᠯᠠᠨ᠎ᠠ᠃ ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | | | 2023 ᠣᠨ ᠤ 8 ᠰᠠᠷ᠎ᠠ ᠶᠢᠨ 14 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |