ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠶᠢᠨ ᠡᠯ᠎ᠡ ᠰᠠᠯᠠᠭ᠎ᠠ ᠮᠥᠴᠢᠷ ᠲᠤ᠄ | ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ︽2023 ᠣᠨ ᠤ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠡᠯ᠎ᠡ ᠨᠢᠭᠡᠴᠡ ᠨᠦᠭᠦᠳ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠦᠷ ᠬᠡᠷᠡᠭᠵᠢᠭᠦᠯᠬᠦ ᠳᠦᠷᠢᠮ︾ ︽ᠬᠥᠯᠥᠨ ᠪᠤᠶᠢᠷ ᠬᠤᠲᠠ ᠶᠢᠨ ᠬᠦᠨᠳᠦ | ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠤᠨ ᠲᠣᠭᠲᠠᠭᠠᠯ︾ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠪᠠᠷᠢᠮᠵᠢᠶ᠎ᠠ︾ | ︵ᠳᠠᠭᠠᠯᠳᠤᠭᠤᠯᠤᠯ 1︶ ᠶᠢ ᠦᠨᠳᠦᠰᠦᠯᠡᠵᠦ᠂ 2023 ᠣᠨ ᠳᠤ ᠬᠤᠰᠢᠭᠤᠨ ᠤ ᠵᠠᠰᠠᠭ ᠤᠨ ᠣᠷᠳᠣᠨ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ | ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠣᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠬᠦᠨᠳᠦ ᠴᠢᠬᠤᠯᠠ ᠲᠥᠯᠦᠪᠵᠢᠭᠦᠯᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠲᠥᠷᠥ ᠶᠢᠨ ᠪᠣᠳᠣᠯᠭ᠎ᠠ᠂ ᠣᠯᠠᠨ | ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽2023 ᠣᠨ ᠤ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ | ᠭᠠᠷᠴᠠᠭ ᠤᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ 2023 ᠣᠨ ᠤ 8 ᠳ᠋ᠤᠭᠠᠷ ᠰᠠᠷ᠎ᠠ ᠶᠢᠨ | 20 ᠤ ᠡᠳᠦᠷ ᠠᠴᠠ ᠡᠮᠦᠨ᠎ᠡ ᠡᠯᠧᠺᠲᠷᠣᠨ ᠬᠡᠷᠡᠯ ᠳ᠋ᠢᠰᠺ ᠪᠠ ᠴᠠᠭᠠᠰᠤᠨ ᠬᠡᠪᠯᠡᠯ ᠤᠨ ᠮᠠᠲ᠋ᠧᠷᠢᠶᠠᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ | 122 ᠲᠠᠰᠤᠭ ᠲᠤ ᠮᠡᠳᠡᠭᠦᠯᠦᠨ᠎ᠡ᠃ | ︽ᠭᠠᠷᠴᠠᠭ︾ ᠲᠤ ᠵᠢᠭᠰᠠᠭᠠᠭᠳᠠᠭᠰᠠᠨ ᠵᠦᠢᠯᠡᠰ ᠢ ᠬᠤᠰᠢᠭᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠬᠢᠨᠠᠨ | ᠬᠠᠷᠭᠤᠭᠤᠯᠵᠤ ᠨᠤᠲᠠᠯᠠᠯᠲᠠ ᠬᠢᠵᠦ᠂ ᠬᠤᠰᠢᠭᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ᠃ ︽ᠭᠠᠷᠴᠠᠭ︾ | ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠡᠷᠬᠡᠪᠰᠢ ᠤᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠵᠡᠷᠭᠡ ᠵᠢᠷᠤᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮ ᠤᠨ ᠵᠦᠢ ᠶᠣᠰᠣᠨ ᠤ ᠪᠠᠶᠢᠬᠤ᠂ ᠶᠠᠪᠤᠴᠠ ᠶᠢ ᠢᠯᠡ ᠪᠣᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ᠡᠭᠦᠨ ᠤ ᠲᠤᠯᠠ ᠮᠡᠳᠡᠭᠳᠡᠪᠡ᠃ | ᠬᠠᠷᠢᠯᠴᠠᠬᠤ ᠬᠥᠮᠥᠨ᠄ ᠵᠠᠩ ᠰᠢᠶᠣᠣ ᠸᠧᠢ ᠬᠠᠷᠢᠯᠴᠠᠬᠤ ᠤᠲᠠᠰᠤ᠄ 18204702000 | ᠳᠠᠭᠠᠯᠳᠤᠭᠤᠯᠤᠯ᠄ | 1. ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ | 2. 2023 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠨᠳᠦ ᠴᠢᠬᠤᠯᠠ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠮᠡᠳᠡᠭᠦᠯᠬᠦ ᠬᠦᠰᠦᠨᠦᠭᠲᠦ | | 2023 ᠤᠨ 8 ᠰᠠᠷ᠎ᠠ ᠶᠢᠨ 10 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠳᠠᠭᠠᠯᠳᠤᠭᠤᠯᠤᠯ 1 | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ | ᠨᠢᠭᠡ᠂ ᠪᠥᠬᠦ ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠬᠦᠨᠳᠦ ᠴᠢᠬᠤᠯᠠ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠬᠤ ᠪᠤᠶᠤ | ᠲᠣᠬᠢᠷᠠᠭᠤᠯᠤᠨ᠎ᠠ᠂ ᠡᠭᠦᠨ ᠳᠤ᠄ | ︵ᠨᠢᠭᠡ︶ ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠯᠮᠦᠷᠢ ᠠᠵᠢᠯ | ᠣᠯᠭᠤᠯᠲᠠ᠂ ᠰᠤᠷᠭᠠᠨ ᠬᠥᠮᠦᠵᠢᠯ᠂ ᠰᠣᠶᠣᠯ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠶᠢᠨ ᠪᠠᠶᠢᠳᠠᠯ | ︵ᠬᠤᠶᠠᠷ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠲᠠᠯ᠎ᠠ ᠶᠢᠨ | ︵ᠭᠤᠷᠪᠠ︶ ᠤᠯᠠᠨ ᠨᠡᠶᠢᠲᠡ ᠶᠢᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ᠂ ᠵᠠᠮ ᠲᠡᠭᠡᠭᠡᠪᠦᠷᠢ ᠵᠡᠷᠭᠡ ᠲᠠᠯ᠎ᠠ ᠪᠠᠷ | ︵ᠳᠥᠷᠪᠡ︶ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠬᠤ ᠵᠡᠷᠭᠡ ᠲᠠᠯ᠎ᠠ ᠪᠠᠷ | ︵ᠲᠠᠪᠤ︶ ᠬᠠᠤᠯᠢ ᠶᠣᠰᠣᠭᠠᠷ ᠬᠤᠷᠢᠭ᠎ᠠ ᠣᠷᠣᠨ ᠢ ᠵᠠᠭᠠᠭᠯᠠᠨ ᠲᠣᠭᠲᠠᠭᠠᠵᠤ᠂ ᠴᠠᠭᠠᠵᠠᠯᠠᠬᠤ ᠬᠤᠭᠤᠴᠠᠭ᠎ᠠ ᠶᠢ ᠲᠣᠭᠲᠠᠭᠠᠭᠰᠠᠨ ᠵᠡᠷᠭᠡ ᠲᠠᠯ᠎ᠠ ᠶᠢᠨ ᠪᠠᠶᠢᠳᠠᠯ᠃ | ᠬᠤᠶᠠᠷ᠂ ᠪᠦᠭᠦ ᠬᠤᠰᠢᠭᠤᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ ᠲᠣᠭᠲᠠᠭᠠᠨ᠎ᠠ᠂ ᠡᠭᠦᠨ ᠳᠤ᠄ | ︵ᠨᠢᠭᠡ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠣᠶᠢᠷ᠎ᠠ ᠶᠢᠨ ᠬᠤᠭᠤᠴᠠᠭ᠎ᠠ ᠪᠠ ᠤᠷᠳᠤ | ᠬᠤᠭᠤᠴᠠᠭᠠᠨ ᠤ ᠲᠥᠯᠦᠪᠵᠢᠭᠦᠯᠭᠡ | ︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠴᠢᠬᠤᠯᠠ ᠣᠷᠣᠨ ᠪᠦᠰᠡ ᠶᠢᠨ ᠲᠥᠯᠦᠪᠵᠢᠭᠦᠯᠭᠡ | ︵ᠭᠤᠷᠪᠠ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠤᠰᠬᠠᠢ ᠲᠥᠯᠦᠪᠵᠢᠭᠦᠯᠭᠡ | ︵ᠳᠥᠷᠪᠡ︶ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠪᠤᠰᠤᠳ ᠲᠥᠯᠦᠪᠵᠢᠭᠦᠯᠭᠡ᠃ | ᠭᠤᠷᠪᠠ᠂ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠵᠡᠷᠭᠡ ᠲᠠᠯ᠎ᠠ ᠶᠢᠨ ᠴᠢᠬᠤᠯᠠ ᠶᠡᠭᠡ | ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠂ ᠡᠭᠦᠨ ᠳᠤ᠄ | ︵ᠨᠢᠭᠡ︶ ᠰᠣᠶᠣᠯ ᠤᠨ ᠥᠪ ᠤᠨ ᠬᠠᠮᠠᠭᠠᠯᠠᠯᠲᠠ ᠶᠢᠨ ᠲᠠᠯ᠎ᠠ ᠪᠠᠷ | ︵ᠬᠤᠶᠠᠷ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠢ ᠬᠠᠮᠠᠭᠠᠯᠠᠵᠤ ᠨᠡᠭᠡᠭᠡᠨ ᠠᠰᠢᠭᠯᠠᠬᠤ ᠲᠠᠯ᠎ᠠ ᠪᠠᠷ ᠬᠢ | ︵ᠭᠤᠷᠪᠠ︶ ᠪᠤᠰᠤᠳ ᠴᠢᠬᠤᠯᠠ ᠭᠠᠵᠠᠷ ᠰᠢᠷᠣᠢ᠂ ᠨᠠᠭᠤᠷ ᠲᠣᠭᠤᠷᠢᠮ᠂ ᠤᠢ ᠰᠢᠭᠤᠢ᠂ ᠨᠤᠲᠤᠭ ᠪᠡᠯᠴᠢᠭᠡᠷ᠂ ᠤᠰᠤᠨ ᠤ ᠡᠬᠢ ᠪᠠᠶᠠᠯᠢᠭ ᠵᠡᠷᠭᠡ ᠪᠠᠶᠢᠭᠠᠯᠢ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠪᠠᠷ᠃ | ᠳᠥᠷᠪᠡ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠬᠤ ᠴᠢᠬᠤᠯᠠᠲᠠᠢ ᠴᠢᠬᠤᠯᠠ ᠶᠡᠭᠡ ᠣᠯᠠᠨ ᠨᠡᠶᠢᠲᠡ ᠶᠢᠨ ᠠᠰᠢᠭ | ᠲᠤᠰᠠ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠡᠭᠦᠨ ᠳᠤ᠄ | ︵ᠨᠢᠭᠡ︶ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ | (ᠬᠤᠶᠠᠷ) ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠵᠦᠢᠯᠡᠰ | ︵ᠭᠤᠷᠪᠠ︶ ᠴᠢᠬᠤᠯᠠ ᠶᠡᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ᠃ | ᠲᠠᠪᠤ᠂ ᠵᠠᠰᠠᠭ ᠤᠨ ᠣᠷᠳᠣᠨ ᠤ ᠪᠡᠯᠡ ᠲᠣᠬᠢᠷᠠᠭᠤᠯᠵᠤ ᠵᠢᠭᠡᠯᠡᠯᠭᠡ ᠵᠢᠭᠡᠯᠡᠬᠦ | ᠵᠢᠷᠭᠤᠭ᠎ᠠ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠶᠡᠭᠡ ᠨᠥᠯᠥᠭᠡ ᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠢᠬᠤᠯᠠ ᠶᠡᠭᠡ ᠪᠡᠯᠡ ᠣᠷᠣᠭᠤᠯᠬᠤ᠂ ᠬᠤᠪᠢ ᠣᠷᠣᠭᠤᠯᠬᠤ᠂ ᠪᠡᠯᠡ ᠨᠡᠶᠢᠯᠡᠭᠦᠯᠬᠦ᠂ ᠬᠤᠷᠰᠢᠬᠤ ᠠᠵᠤ ᠦᠢᠯᠡᠰ ᠤᠨ | ᠵᠦᠢᠯᠡᠰ | ᠲᠤᠯᠤᠭ᠎ᠠ᠂ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠦᠭᠰᠡᠨ ᠮᠥᠷᠲᠡᠭᠡᠨ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠢ | ᠨᠥᠯᠥᠭᠡᠯᠡᠬᠦ ᠴᠢᠬᠤᠯᠠ ᠶᠡᠭᠡ ᠨᠡᠶᠢᠲᠡ ᠶᠢᠨ ᠬᠡᠷᠡᠭᠯᠡᠭᠡᠨ ᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ | ᠪᠠ ᠲᠣᠬᠢᠷᠠᠭᠤᠯᠬᠤ | ᠨᠠᠢᠮᠠ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ | ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ | | | ᠳᠠᠭᠠᠯᠳᠤᠭᠤᠯᠤᠯ 2᠄ | 2023 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠮᠡᠳᠡᠭᠦᠯᠬᠦ ᠬᠦᠰᠦᠨᠦᠭᠲᠦ | | | | |