10 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠣᠶᠣᠯᠮ᠎ᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠰᠣᠶᠣᠯᠮ᠎ᠠ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠢᠶ᠎ᠠ | ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠤᠨ ᠰᠠᠶᠢᠵᠢᠷᠠᠬᠤ ᠬᠠᠨᠳᠣᠰᠢ᠂ | ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ | ᠡᠶ᠎ᠡ ᠵᠣᠬᠢᠴᠠᠯ ᠪᠠ ᠲᠣᠭᠲᠠᠭᠤᠨ ᠢ ᠠᠬᠢᠭᠤᠯᠬᠤ ᠵᠡᠷᠭᠡ ᠠᠵᠢᠯ ᠢ ᠭᠦᠢᠴᠡᠳ ᠨᠤᠲᠠᠯᠠᠪᠠ᠃ | | | | ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠭᠰᠠᠨ ᠤ ᠳᠠᠷᠠᠭ᠎ᠠ᠂ ᠰᠣᠶᠣᠯᠮ᠎ᠠ ᠴᠢᠩᠭᠠᠳᠬᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠠᠵᠢᠯ ᠢ ᠭᠤᠣᠯ ᠠᠵᠢᠯ ᠲᠠᠢ ᠨᠢᠭᠲᠠ ᠤᠶᠠᠯᠳᠣᠭᠤᠯᠬᠤ᠂ | ᠨᠢᠭᠡᠨᠲᠡ ᠪᠠᠶᠢᠭ᠎ᠠ ᠰᠠᠶᠢᠨ ᠳᠦᠷᠢᠮ᠂ ᠰᠠᠶᠢᠨ ᠲᠣᠭᠲᠠᠴᠠ ᠶᠢ ᠰᠠᠶᠢᠲᠤᠷ ᠵᠠᠯᠭᠠᠮᠵᠢᠯᠠᠨ ᠬᠦᠭᠵᠢᠭᠦᠯᠬᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠬᠠᠷᠢᠭᠤᠴᠠᠯᠭ᠎ᠠ ᠶᠢ ᠪᠦᠲᠦᠮᠵᠢᠲᠡᠢ ᠳᠠᠮᠵᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠦᠲᠦᠮᠵᠢᠲᠡᠢ ᠪᠠᠷ ᠪᠠᠶᠢᠩᠭᠤᠵᠢᠭᠤᠯᠤᠨ ᠠᠳᠬᠤᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠵᠠᠬᠢᠳᠠᠯ ᠰᠣᠷᠪᠤᠯᠵᠢᠯᠠᠭ᠎ᠠ ᠳᠤ ᠪᠠᠭ᠎ᠠ ᠵᠢᠵᠢᠭ ᠶᠠᠪᠤᠳᠠᠯ ᠭᠡᠵᠦ ᠪᠠᠶᠢᠬᠤ ᠦᠭᠡᠢ᠂ ᠶᠠᠪᠤᠳᠠᠯ ᠪᠦᠷ ᠨᠢ ᠠᠷᠠᠳ ᠤᠨ | ᠠᠮᠢᠵᠢᠷᠠᠭ᠎ᠠ ᠳᠤ ᠬᠤᠯᠪᠣᠭᠳᠠᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ | ᠭᠦᠢᠴᠡᠳᠬᠡᠬᠦ ᠳᠦᠷᠢᠮ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ | ᠨᠢᠭᠡᠨ ᠰᠢᠨ᠎ᠡ ᠲᠣᠭᠲᠠᠴᠠ ᠪᠣᠯᠣᠨ᠎ᠠ᠂ ᠡᠩᠨᠡᠭᠡ ᠶᠢ ᠵᠣᠬᠢᠶᠠᠨ ᠪᠠᠶᠢᠭᠤᠯᠬᠤ᠂ ᠪᠣᠯᠪᠠᠰᠤᠷᠠᠯ ᠰᠣᠷᠭᠠᠭᠤᠯᠢᠯ ᠢ ᠥᠷᠨᠢᠭᠦᠯᠬᠦ ᠠᠴᠠ ᠠᠪᠤᠭᠠᠳ ᠲᠥᠯᠥᠭᠡᠯᠡᠭᠴᠢ ᠶᠢᠨ | ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠬᠦᠷᠲᠡᠯ᠎ᠡ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠤᠨ ᠰᠢᠨ᠎ᠡ ᠰᠡᠳᠬᠢᠴᠡ ᠰᠢᠨ᠎ᠡ ᠠᠷᠭ᠎ᠠ ᠠᠪᠴᠠᠯ ᠶᠢ | ᠦᠷᠭᠦᠯᠵᠢᠯᠡᠨ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠴᠦ᠂ ᠤᠬᠠᠭᠤᠯᠭ᠎ᠠ ᠵᠢᠯᠤᠭᠤᠳᠣᠯᠭ᠎ᠠ ᠪᠠᠨ ᠴᠢᠩᠭᠠᠳᠬᠠᠵᠤ᠂ ᠠᠵᠢᠯ ᠤᠨ ᠬᠢᠨᠠᠯᠲᠠ᠂ ᠠᠷᠠᠳ ᠲᠦᠮᠡᠨ ᠢ | ᠳᠡᠭᠡᠳᠦᠯᠡᠬᠦ ᠣᠶᠢᠯᠠᠭᠠᠭᠳᠠᠬᠤᠨ ᠪᠣᠯᠣᠨ ᠰᠢᠨ᠎ᠡ ᠴᠠᠭ ᠦᠶ᠎ᠡ ᠶᠢᠨ︽ᠹᠧᠩᠴᠢᠶᠣᠣ ᠶᠢᠨ ᠲᠤᠷᠰᠢᠯᠭ᠎ᠠ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ | ᠤᠯᠠᠨ ᠲᠦᠮᠡᠨ ᠢ ᠰᠠᠨᠠᠭ᠎ᠠ ᠲᠡᠷᠭᠡᠯ ᠰᠡᠳᠭᠢᠯ ᠬᠠᠨᠣᠮᠵᠢᠲᠠᠢ ᠪᠠᠶᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |