ᠬᠤᠢ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠠᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
       ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ 10 ᠰᠠᠷ᠎ᠠ ᠶᠢᠨ 10  ᠤ ᠡᠳᠦᠷ᠂ ᠬᠤᠢ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃  ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠲᠡᠨᠢᠭᠡᠷ᠂ ᠳᠡᠳ᠋ ᠰᠤᠮᠤᠨ ᠳᠠᠷᠤᠭ᠎ᠠ ᠴᠢᠦ ᠯᠢᠨ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠴᠢᠦ ᠯᠢᠨ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠬᠡᠷᠡᠭᠵᠢᠭᠦᠯᠬᠦ ᠲᠥᠰᠥᠯ︾  ᠢ ᠤᠯᠠᠮᠵᠢᠯᠠᠪᠠ᠃ ᠡᠭᠦᠨ ᠤ ᠬᠠᠮᠲᠤ ᠪᠠᠶᠢᠴᠠᠭᠠᠯᠲᠠ ᠶᠢ ᠤᠭᠲᠤᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠴᠠᠭᠠᠨ ᠤ ᠨᠢᠭᠡᠳᠦᠭᠡᠷ ᠱᠦᠵᠢ  ᠶᠢᠨ ᠠᠵᠢᠯ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠴᠢᠩᠭ᠎ᠠ ᠠᠩᠬᠠᠷᠴᠤ᠂ ᠡᠷᠦᠬᠡ  ᠳᠠᠷᠠᠭᠠᠯᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠰᠠᠶᠢᠲᠤᠷ ᠠᠳᠬᠤᠵᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠪᠠᠬᠢᠵᠢᠭᠦᠯᠬᠦ ᠪᠠ ᠵᠣᠯᠭᠠᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠲᠡᠨᠢᠭᠡᠷ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠳᠠᠯ ᠪᠠ ᠡᠭᠦᠷᠭᠡ ᠶᠢ ᠲᠣᠳᠣᠷᠬᠠᠢ ᠲᠠᠨᠢᠵᠤ᠂ ᠵᠣᠯᠭᠠᠭᠤᠯᠬᠤ ᠪᠠ ᠪᠠᠬᠢᠵᠢᠭᠦᠯᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠭᠡᠰᠢᠭᠦᠳ ᠡᠷᠦᠭᠡ ᠳᠠᠷᠠᠭᠠᠯᠠᠨ ᠰᠤᠷᠪᠤᠯᠵᠢᠯᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠳᠠᠩᠰᠠ ᠡᠪᠬᠡᠮᠡᠯ ᠢ ᠲᠡᠭᠦᠯᠳᠡᠷᠵᠢᠭᠦᠯᠬᠦ ᠵᠡᠷᠭᠡ ᠪᠣᠳᠠᠲᠠᠢ ᠠᠵᠢᠯ ᠢ ᠰᠠᠶᠢᠲᠤᠷ ᠬᠢᠵᠦ᠂ ᠠᠵᠢᠯ ᠤᠨ ᠬᠢᠨᠠᠨ ᠵᠢᠯᠣᠭᠤᠳᠤᠯᠭ᠎ᠠ ᠪᠠᠨ ᠴᠢᠩᠭᠠᠳᠬᠠᠵᠤ᠂ ᠴᠠᠭ ᠢᠮᠠᠭᠲᠠ ᠠᠰᠠᠭᠤᠳᠠᠯ ᠢ ᠢᠯᠡᠷᠡᠭᠦᠯᠵᠦ᠂ ᠴᠠᠭ ᠢᠮᠠᠭᠲᠠ ᠴᠡᠭᠴᠡᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
20241015-1-1.jpg
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ