| | 10 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠠᠵᠢᠯᠯᠠᠬᠤ ᠳᠤᠭᠤᠶᠢᠯᠠᠩ | ᠲᠣᠮᠢᠯᠠᠵᠤ ᠮᠠᠨ ᠤ ᠬᠤᠰᠢᠭᠤᠨ ᠳᠤ 2022 ᠣᠨ ᠤ ᠲᠥᠷᠥᠯ ᠵᠦᠢᠯ ᠤᠨ ᠪᠡᠯᠡ ᠮᠥᠩᠭᠦ ᠶᠢᠨ ᠪᠦᠲᠦᠮᠵᠢ ᠶᠢ ᠰᠤᠭᠤᠴᠢᠨ ᠪᠠᠶᠢᠴᠠᠭᠠᠵᠤ ᠦᠨᠡᠯᠡᠬᠦ ᠠᠵᠢᠯ ᠢ | ᠥᠷᠨᠢᠭᠦᠯᠵᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠠᠵᠢᠯᠯᠠᠬᠤ ᠳᠤᠭᠤᠶᠢᠯᠠᠩ ᠤᠨ ᠬᠢᠨ ᠡᠸᠡᠩᠬᠢ ᠮᠦᠽᠧᠢ᠂ ᠰᠣᠶᠣᠯ ᠤᠨ ᠦᠢᠯᠡᠰ ᠤᠨ ᠬᠥᠭᠵᠢᠯᠲᠡ ᠶᠢᠨ ᠲᠥᠪ᠂ ᠪᠠᠶᠠᠨᠴᠠᠭᠠᠨ ᠰᠤᠮᠤ᠂ ᠰᠢᠨᠡᠭᠡᠨ ᠵᠡᠭᠦᠨ | ᠰᠤᠮᠤ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ | ᠰᠣᠩᠭᠤᠨ ᠪᠠᠶᠢᠴᠠᠭᠠᠵᠤ ᠦᠨᠡᠯᠡᠬᠦ ᠠᠵᠢᠯ ᠢ ᠥᠷᠨᠢᠭᠦᠯᠬᠦ ᠶᠢᠨ ᠬᠠᠮᠲᠤ ᠵᠢᠯᠤᠭᠤᠳᠬᠤ ᠰᠠᠨᠠᠭᠤᠯᠭ᠎ᠠ ᠪᠠ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠡᠭᠡᠳᠦ ᠱᠠᠲᠤᠨ ᠤ ᠪᠡᠯᠡ | ᠮᠥᠩᠭᠦ ᠶᠢᠨ ᠠᠰᠢᠭᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠷᠤᠮᠵᠢᠭᠤᠯᠤᠨ ᠠᠵᠢᠯᠯᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠬᠠᠮᠤᠭ ᠤᠨ ᠶᠡᠭᠡ ᠪᠠᠷ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | |