ᠭᠠᠳᠠᠨ᠎ᠠ ᠠᠴᠠ ᠣᠷᠣᠵᠣ ᠢᠷᠡᠭᠰᠡᠨ ᠠᠳᠤᠭᠤᠨ ᠰᠦᠷᠦᠭ ᠢ ᠬᠦᠭᠡᠭᠡᠨ ᠭᠠᠷᠭᠠᠵᠤ ᠠᠮᠢ ᠠᠬᠤᠢ ᠶᠢᠨ ᠬᠠᠮᠠᠭᠠᠯᠠᠯᠲᠠ ᠢ ᠲᠡᠩᠴᠡᠭᠦᠷᠢᠰᠢᠭᠦᠯᠬᠦ ᠪᠠᠷ ᠴᠢᠷᠮᠠᠶᠢᠪᠠ
ᠨᠡᠶᠢᠲᠡᠯᠡᠭᠰᠡᠨ ᠴᠠᠭ᠄
2024/10/16
      ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ 10 ᠰᠠᠷ᠎ᠠ ᠶᠢᠨ 13 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶᠠᠨ ᠳᠠᠬᠢ ᠣᠭᠤᠨᠣ ᠭᠤᠣᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ‌ᠣᠭᠤᠨᠣ ᠭᠤᠣᠯ ᠤᠨ ᠣᠶ ᠰᠢᠭᠤᠢ ᠶᠢᠨ ᠲᠠᠯᠠᠪᠠᠶ᠂ ᠪᠦᠷᠢᠳᠦ ᠭᠠᠴᠠᠭ᠎ᠠ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠬᠢᠯᠢ ᠶᠢᠨ ᠳᠣᠲᠣᠷᠠᠬᠢ ᠸᠧᠢ ᠽᠢ ᠺᠧᠩ ᠲᠤ ᠡᠪᠦᠯᠵᠢᠬᠦ ᠪᠠᠷ ᠪᠠᠶᠢᠭ᠎ᠠ ᠭᠠᠳᠠᠨ᠎ᠠ ᠠᠴᠠ ᠣᠷᠤᠵᠤ ᠢᠷᠡᠭᠰᠡᠨ ᠠᠳᠤᠭᠤᠨ ᠰᠦᠷᠦᠭ ᠢ ᠬᠠᠮᠠᠭᠠᠯᠠᠯᠲᠠ ᠶᠢᠨ ᠣᠷᠣᠨ ᠠᠴᠠ ᠬᠦᠭᠡᠭᠡᠨ ᠭᠠᠷᠭᠠᠬᠤ ᠪᠠᠷ ᠪᠠᠶᠢᠨ᠎ᠠ᠃ 
20241016-2-1.jpg
20241016-2-2.jpg
              ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠣᠭᠤᠨᠣ ᠭᠤᠣᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠱᠦᠵᠢ ᠶᠧ ᠬᠠᠢ ᠳᠤᠭᠤᠶᠢᠯᠠᠩ ᠳᠠᠭᠠᠭᠤᠯᠤᠨ ᠵᠢᠭᠰᠠᠭᠠᠨ ᠪᠠᠶᠢᠴᠠᠭᠠᠬᠤ ᠠᠵᠢᠯ ᠤᠨ ᠳᠤᠮᠳᠠ ᠪᠠᠨ‌ᠬᠠᠮᠠᠭᠠᠯᠠᠯᠲᠠ ᠶᠢᠨ ᠣᠷᠣᠨ ᠳᠤ  ᠭᠠᠳᠠᠨ᠎ᠠ ᠶᠢᠨ ᠠᠳᠣᠭᠤᠨ ᠰᠦᠷᠦᠭ ᠣᠷᠣᠵᠣ ᠢᠷᠡᠭᠡᠳ ᠪᠡᠯᠴᠢᠵᠦ ᠪᠠᠶᠢᠬᠤ ᠶᠢ ᠣᠯᠵᠤ ᠮᠠᠲᠠᠵᠠᠢ᠃       ᠬᠠᠮᠠᠭᠠᠯᠠᠯᠲᠠ ᠶᠢᠨ ᠣᠷᠣᠨ ᠳᠠᠬᠢ ᠤᠤᠯ ᠤᠨ ᠪᠠᠶᠢᠭ᠎ᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠤᠷᠭᠤᠮᠠᠯ ᠤᠨ ᠬᠤᠴᠢᠯᠭ᠎ᠠ ᠶᠢ ᠬᠡᠳᠦ ᠡᠪᠳᠡᠬᠦ ᠠᠴᠠ ᠰᠡᠷᠭᠡᠶᠢᠯᠡᠬᠦ ᠶᠢᠨ ᠲᠥᠯᠥᠭᠡ᠂ ᠠᠵᠢᠯᠯᠠᠬᠤ ᠳᠤᠭᠤᠶᠢᠯᠠᠩ  ᠶᠢᠨ ᠬᠢᠨ ᠲᠡᠷᠡ ᠳᠠᠷᠤᠢ ᠳᠤᠨᠢ ᠠᠳᠣᠭᠤᠨ ᠰᠦᠷᠦᠭ ᠢ ᠬᠦᠭᠡᠭᠡᠨ ᠭᠠᠷᠭᠠᠬᠤ ᠪᠠᠷ ᠰᠢᠢᠳᠪᠦᠷᠢᠯᠡᠭᠰᠡᠨ ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠶᠢᠨ ᠴᠢᠬᠤᠯᠠ ᠴᠢᠨᠠᠷ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠠᠳᠠᠨ᠎ᠠ ᠠᠴᠠ ᠣᠷᠣᠭᠤᠯᠵᠣ ᠢᠷᠡᠭᠰᠡᠨ ᠠᠳᠤᠭᠤᠨ ᠰᠦᠷᠦᠭ ᠤᠨ ᠡᠵᠡᠨ ᠳᠤ ᠨᠠᠷᠢᠨ ᠨᠢᠮᠪᠠᠢ ᠤᠬᠠᠭᠤᠯᠤᠭᠰᠠᠨ ᠪᠥᠭᠡᠳ ᠬᠦᠯᠢᠴᠡᠩᠭᠦᠢ ᠪᠠᠷ ᠢᠳᠬᠠᠨ ᠰᠠᠨᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠢ ᠭᠦᠢᠴᠡᠳ ᠣᠶᠢᠯᠠᠭᠠᠭᠤᠯᠵᠣ᠂ ᠲᠡᠳᠡᠨ ᠤ ᠢᠳᠡᠪᠬᠢᠲᠡᠢ ᠬᠠᠮᠵᠢᠯᠴᠠᠭ᠎ᠠ ᠪᠠᠷ 300 ᠭᠠᠷᠤᠢ  ᠲᠤᠭᠠᠲᠣ ᠠᠳᠤᠭᠤᠨ ᠰᠦᠷᠦᠭ ᠢ ᠬᠠᠮᠠᠭᠠᠯᠠᠯᠲᠠ ᠶᠢᠨ ᠣᠷᠣᠨ ᠠᠴᠠ ᠠᠮᠤᠷ ᠲᠦᠪᠰᠢᠨ ᠡᠮᠬᠢ ᠵᠢᠷᠤᠮ ᠲᠠᠢ ᠪᠠᠷ ᠬᠦᠭᠡᠭᠡᠨ ᠭᠠᠷᠭᠠᠭᠰᠠᠨ ᠪᠠᠶᠢᠨ᠎ᠠ᠃       ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠭᠠᠳᠠᠨ᠎ᠠ ᠠᠴᠠ ᠣᠷᠣᠵᠣ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠡᠷᠡᠰ ᠵᠣᠷᠢᠭ ᠢ ᠭᠦᠢᠴᠡᠳ ᠬᠠᠷᠠᠭᠤᠯᠵᠤ᠂ ᠲᠠᠷᠠᠭᠠᠴᠢ ᠶᠢᠨ ᠠᠯᠬᠤᠮ ᠳᠤ ᠬᠤᠯᠪᠤᠭᠠᠯᠠᠨ‌‍ᠰᠡᠷᠭᠡᠶᠢᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠨᠡᠶᠢᠳᠭᠡᠯ ᠬᠦᠴᠦᠨ ᠢ ᠪᠦᠷᠢᠯᠳᠦᠭᠦᠯᠵᠦ᠂ ᠲᠣᠭᠤᠷᠢᠨ ᠴᠠᠭᠳᠠᠬᠤ  ᠭᠡᠮᠨᠡᠯ ᠶᠢ ᠴᠢᠩᠭᠠᠳᠬᠠᠬᠤ ᠶᠢᠨ ᠬᠠᠮᠲᠤ ᠦᠷᠭᠦᠯᠵᠢᠯᠡᠨ ᠤᠬᠠᠭᠤᠯᠭ᠎ᠠ ᠬᠢᠬᠦ ᠪᠠᠷ ᠳᠠᠮᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ 
ᠢᠷᠡᠯᠲᠡ᠄ ᠡᠸᠡᠩᠬᠢ ᠬᠤᠰᠢᠭᠤᠨ ᠤ ᠵᠠᠰᠠᠭ ᠤᠨ ᠤᠷᠳᠤᠨ