ᠪᠦᠭᠦ ᠤᠯᠤᠰ ᠲᠤ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 339 ᠪᠤᠢ
ᠨᠡᠶᠢᠲᠡᠯᠡᠭᠰᠡᠨ ᠴᠠᠭ᠄
2024/10/23
       9 ᠰᠠᠷ᠎ᠠ ᠶᠢᠨ 24᠎ ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ 2024 ᠣᠨ ᠤ ᠭᠤᠷᠪᠠᠳᠤᠭᠠᠷ ᠤᠯᠠᠷᠢᠯ ᠤᠨ ᠲᠣᠭᠲᠠᠮᠠᠯ ᠬᠤᠭᠤᠴᠠᠭᠠᠲᠤ ᠰᠣᠨᠢᠨ  ᠮᠡᠳᠡᠭᠡ ᠨᠡᠶᠢᠲᠡᠯᠡᠬᠦ ᠬᠤᠷᠠᠯ ᠬᠢᠪᠡ᠃       ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠤᠷᠭᠠᠨ ᠤ ᠳᠡᠳ᠋ ᠳᠠᠷᠤᠭ᠎ᠠ ᠸᠧᠢ ᠯᠢ  ᠵᠥᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠮᠠᠨ ᠤ ᠤᠯᠤᠰ ᠲᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 339᠂  ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ 85᠂ ᠪᠦᠭᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ  1399᠂ ᠭᠤᠣᠯᠳᠠᠯᠭ᠎ᠠ ᠲᠠᠢ ᠪᠠᠯᠭᠠᠰᠤ 198᠂ ᠪᠦᠭᠦ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ 300 ᠪᠠᠶᠢᠨ᠎ᠠ ᠭᠡᠪᠡ᠃         ᠸᠧᠢ ᠯᠢ ᠵᠥᠩ ᠢᠯᠡᠷᠬᠡᠶᠢᠯᠡᠬᠦ ᠳᠡᠭᠡᠨ᠂ ᠰᠣᠶᠣᠯ ᠪᠠ ᠵᠢᠭᠤᠯᠴᠢᠯᠠᠯ ᠤᠨ ᠶᠠᠮᠤᠨ ᠶᠡᠷᠦ ᠠᠴᠠ ᠥᠷᠭᠡᠨ ᠣᠯᠠᠨ ᠵᠢᠭᠤᠯᠴᠢᠯᠠᠭᠴᠢ ᠳᠤ ᠡᠯᠪᠡᠭ ᠪᠠᠶᠠᠯᠢᠭ ᠴᠢᠨᠠᠷ  ᠰᠠᠶᠢᠲᠠᠢ ᠵᠢᠭᠤᠯᠴᠢᠯᠠᠯ ᠤᠨ ᠦᠢᠯᠡᠳᠬᠦᠨ ᠬᠠᠩᠭᠠᠬᠤ ᠳᠤ ᠰᠠᠭᠤᠷᠢᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂  ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠬᠤᠪᠢᠰᠬᠠᠯ ᠤᠨ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ᠂ ᠬᠥᠳᠡᠭᠡ ᠲᠣᠰᠬᠤᠨ ᠤ  ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ᠂ ᠠᠵᠤ ᠦᠢᠯᠡᠳᠪᠦᠷᠢ ᠶᠢᠨ ᠵᠢᠭᠤᠯᠴᠢᠯᠠᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠭᠦ  ᠰᠠᠭᠤᠷᠢᠨ ᠵᠡᠷᠭᠡ ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠣᠯᠠᠨ ᠵᠢᠭᠤᠯᠴᠢᠯᠠᠭᠴᠢᠳ ᠤᠨ ᠣᠯᠠᠨ  ᠶᠠᠩᠵᠤᠲᠤ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠭᠠᠷ ᠢᠷᠡᠵᠡᠶ᠃        ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ 2024 ︽ᠬᠥᠳᠡᠭᠡ ᠲᠣᠰᠬᠤᠨ ᠤ ᠪᠦᠲᠦᠭᠡᠯᠴᠢ ᠠᠮᠢᠳᠤᠷᠠᠯ ᠤᠨ ᠤᠯᠠᠷᠢᠯ︾᠎ ᠤᠨ ᠰᠢᠷᠢᠰ  ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠵᠠᠮ ᠱᠤᠭᠤᠮ ᠢ ᠭᠠᠷᠭᠠᠬᠤ ᠪᠠᠷ ᠪᠤᠶ᠃ ᠪᠠᠰᠠ  ᠤᠯᠤᠰ ᠤᠨ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ 14 ᠵᠤᠷᠪᠤᠰ ᠣᠨᠴᠠᠯᠢᠭᠲᠤ ᠠᠮᠢ ᠠᠬᠤᠢ ᠶᠢᠨ ᠵᠢᠭᠤᠯᠴᠢᠯᠠᠯ ᠤᠨ  ᠱᠤᠭᠤᠮ ᠢ ᠭᠠᠷᠭᠠᠨ᠎ᠠ᠃ ᠪᠠᠰᠠ ᠥᠪᠡᠷ ᠲᠡᠭᠡᠨ ᠲᠡᠷᠭᠡ ᠵᠢᠯᠣᠭᠤᠳᠤᠨ ᠵᠢᠭᠤᠯᠴᠢᠯᠠᠬᠤ ᠰᠢᠷᠢᠰ ᠱᠤᠭᠤᠮ ᠢ ᠴᠠᠭ ᠲᠤᠨᠢ ᠲᠣᠬᠢᠷᠠᠭᠤᠯᠤᠨ ᠭᠠᠷᠭᠠᠬᠤ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ