ᠰᠠᠶᠢᠬᠠᠨ - ᠨᠤᠲᠤᠭ ᠤᠰᠤᠨ
ᠨᠡᠶᠢᠲᠡᠯᠡᠭᠰᠡᠨ ᠴᠠᠭ᠄
2024/10/24
      ᠡᠯᠢᠭᠡᠳᠡᠵᠦ ᠬᠥᠷᠥᠪᠡᠵᠢᠭᠰᠡᠨ ᠭᠠᠵᠠᠷ - ᠡᠬᠡ ᠣᠷᠣᠨ      ᠠᠮᠢ ᠠᠴᠠ ᠪᠠᠨ ᠢᠯᠡᠭᠦᠦ ᠬᠠᠶᠢᠷᠠᠯᠠᠳᠠᠭ ᠠᠯᠳᠠᠷ - ᠡᠬᠡ ᠣᠷᠣᠨ      ᠡᠬᠡ ᠣᠷᠣᠨ ᠲᠠᠢ ᠬᠥᠮᠥᠨ ᠠᠮᠤᠷ ᠠᠮᠤᠭᠤᠯᠠᠩ᠂ ᠠᠮᠤᠷ ᠲᠠᠶᠢᠪᠤᠩ᠂ ᠡᠬᠡ ᠣᠷᠣᠨ ᠲᠠᠢ ᠬᠥᠮᠥᠨ ᠵᠣᠯ ᠵᠢᠷᠭᠠᠯ ᠲᠠᠢ᠃      ᠨᠠᠮ᠎ᠠ ᠶᠢ ᠥᠯᠥᠭᠡᠶᠢᠳᠡᠭᠰᠡᠨ ᠴᠠᠭᠠᠨ ᠮᠠᠩᠬ᠎ᠠ ᠶᠢ ᠡᠬᠡ ᠣᠷᠣᠨ ᠭᠡᠳᠡᠭ᠃ ᠮᠢᠨᠤ ᠲᠣᠭᠯᠠᠵᠤ ᠥᠰᠦᠭᠰᠡᠨ ᠰᠠᠷᠠᠭᠤᠯ ᠲᠠᠯ᠎ᠠ ᠮᠢᠨᠤ ᠡᠬᠡ ᠣᠷᠣᠨ᠃      ᠨᠢᠯᠬ᠎ᠠ ᠶᠢᠨ ᠦᠨᠦᠷ ᠢᠶᠠᠨ ᠨᠤᠲᠤᠭ ᠤᠨ ᠢᠶᠠᠨ ᠰᠢᠷᠣᠢ ᠳᠤ ᠰᠢᠩᠭᠡᠭᠡᠵᠦ᠂ ᠨᠢᠯᠵᠠᠷᠠᠢ ᠬᠥᠯ ᠢᠶᠠᠷ ᠢᠶᠠᠨ ᠨᠤᠲᠤᠭ ᠤᠨ ᠢᠶᠠᠨ ᠬᠥᠷᠥᠰᠥᠨ ᠳᠤ ᠠᠯᠬᠤᠭᠰᠠᠨ ᠶᠤᠮ᠃ ᠤᠶᠢᠳᠴᠤ ᠵᠣᠪᠠᠭ᠋ᠤ ᠳᠤ  ᠤᠶᠢᠳᠬᠠᠷ ᠢ ᠮᠢᠨᠢ ᠰᠡᠷᠭᠦᠭᠡᠳᠡᠭ ᠲᠤᠩᠭᠠᠯᠠᠭ ᠭᠤᠣᠯ ᠤᠨ ᠤᠰᠤᠨ ᠮᠢᠨᠢ᠂ ᠣᠶᠢᠴᠢᠵᠤ ᠪᠦᠳᠦᠷᠢᠬᠦ ᠳᠤ ᠮᠢᠨᠢ ᠪᠤᠰᠬᠤ ᠵᠣᠷᠢᠭ ᠢ ᠬᠠᠶᠢᠷᠠᠯᠠᠭᠰᠠᠨ ᠠᠷᠤ ᠶᠢᠨ ᠥᠨᠳᠥᠷ ᠠᠭᠤᠯᠠ ᠮᠢᠨᠢ᠂ ᠪᠤᠳᠤᠯ ᠳᠤ ᠮᠢᠨᠢ ᠵᠦᠮᠪᠦᠷᠯᠡᠵᠦ᠂ ᠰᠡᠳᠬᠢᠯ ᠤᠨ ᠮᠢᠨᠢ ᠲᠦᠰᠢᠭ ᠪᠤᠯᠳᠠᠭ ᠰᠠᠨ᠃ ᠤᠤᠭᠤᠭᠰᠠᠨ ᠤᠰᠤ ᠷᠠᠰᠢᠶᠠᠨ᠂ ᠤᠨᠠᠭᠰᠠᠨ ᠰᠢᠷᠣᠢ ᠠᠯᠳᠠ᠃ ᠲᠤᠩᠭᠠᠯᠠᠭ ᠪᠣᠯᠣᠷ ᠨᠠᠭᠤᠷ ᠪᠦᠷᠢᠳᠦ ᠮᠢᠨᠢ ᠨᠤᠲᠤᠭ ᠤᠨ ᠴᠡᠩᠬᠡᠷ ᠮᠡᠯᠮᠡᠢ᠂ ᠲᠡᠨᠢᠢᠨ ᠨᠠᠯᠠᠶᠢᠬᠤ ᠲᠠᠯ᠎ᠠ ᠵᠣ ᠮᠢᠨᠢ ᠳᠤᠷᠠᠰᠤᠯ ᠤᠨ ᠲᠣᠷᠭᠠᠨ ᠪᠡᠯᠴᠢᠭᠡᠷ᠂ ᠲᠤᠤᠯᠢᠶᠠᠳᠤᠨ ᠨᠠᠮᠢᠷᠠᠬᠤ ᠲᠤᠪᠤ ᠲᠣᠯᠣᠭᠠᠳ ᠨᠤᠲᠤᠭ ᠤᠨ ᠮᠢᠨᠢ ᠠᠮᠢᠨ ᠰᠠᠬᠢᠶ᠎ᠠ᠂ ᠲᠠᠩᠬᠢᠯ ᠵᠥᠭᠡᠯᠡᠬᠡᠨ ᠰᠡᠪᠰᠢᠶ᠎ᠡ ᠰᠡᠳᠬᠢᠯ ᠤᠨ ᠮᠢᠨᠢ ᠤᠶᠠᠬᠠᠨ ᠰᠢᠪᠡᠨᠡᠭᠡ᠃      ᠡᠷᠳᠡᠮ ᠰᠣᠶᠣᠯ ᠤᠨ ᠮᠥᠷ ᠢ ᠬᠥᠭᠡᠭᠡᠵᠦ᠂ ᠬᠤᠯᠠ ᠶᠠᠪᠤᠵᠤ ᠨᠢᠳᠦ ᠨᠡᠭᠡᠭᠡᠬᠦ ᠳᠤ ᠡᠬᠡ ᠣᠷᠣᠨ ᠭᠡᠳᠡᠭ ᠤᠬᠠᠭᠳᠠᠬᠤᠨ ᠤᠯᠠᠮ ᠲᠡᠯᠡᠵᠦ᠂ ᠨᠤᠲᠤᠭ ᠤᠰᠤ᠂ ᠦᠨᠳᠦᠰᠦᠲᠡᠨ᠂ ᠡᠬᠡ ᠣᠷᠣᠨ ᠢᠶᠠᠨ ᠭᠡᠰᠡᠨ ᠬᠠᠶᠢᠷ᠎ᠠ ᠪᠠ ᠬᠠᠷᠢᠭᠤᠴᠠᠯᠭ᠎ᠠ ᠤᠯᠠᠮ ᠵᠤᠵᠠᠭᠠᠷᠠᠵᠤ ᠪᠢᠯᠡ᠃ ᠡᠬᠡ ᠣᠷᠣᠨ ᠤ ᠮᠢᠨᠢ ᠴᠢᠮᠬᠢ ᠰᠢᠷᠣᠢ᠂ ᠰᠢᠷᠬᠡᠭ ᠡᠪᠡᠰᠦ ᠨᠢ ᠴᠦ ᠰᠡᠳᠬᠢᠯ ᠳᠤ ᠲᠦᠮᠡᠨ ᠵᠢᠩ ᠤᠨ ᠪᠠᠶᠢᠷᠢ ᠲᠠᠢ᠃ ᠬᠡᠳᠦᠢ ᠬᠤᠯᠠ ᠠᠶᠠᠯᠠᠭᠰᠠᠨ ᠴᠦ ᠰᠡᠳᠬᠢᠯ ᠵᠢᠷᠦᠬᠡ ᠨᠤᠲᠤᠭ ᠤᠰᠤ᠂ ᠡᠬᠡ ᠣᠷᠣᠨ ᠲᠠᠢ ᠪᠠᠨ ᠰᠠᠯᠤᠰᠢ ᠦᠭᠡᠢ ᠬᠤᠯᠪᠤᠭ᠎ᠠ ᠲᠠᠢ᠃      ᠲᠧᠯᠸᠢᠰ ᠠᠴᠠ ᠲᠠᠶᠢᠨ ᠳᠠᠵᠢᠨ ᠦᠷᠭᠦᠯᠵᠢᠯᠡᠵᠦ ᠪᠠᠶᠢᠭ᠎ᠠ ᠤᠯᠤᠰ ᠣᠷᠣᠨ ᠤ ᠪᠠᠶᠢᠳᠠᠯ ᠢ ᠬᠠᠷᠠᠬᠤ ᠪᠣᠯᠭᠠᠨ ᠪᠢᠳᠡ ᠦᠪᠡᠰᠦᠪᠡᠨ ᠬᠦᠴᠦᠷᠬᠡᠭ᠂ ᠵᠢᠷᠭᠠᠯ ᠲᠠᠢ ᠡᠬᠡ ᠣᠷᠣᠨ ᠳᠤ ᠠᠮᠢᠳᠤᠷᠠᠵᠤ ᠪᠠᠶᠢᠭ᠎ᠠ ᠳᠠᠭᠠᠨ ᠤᠯᠵᠠᠭᠤᠷᠬᠠᠨ ᠪᠠᠶᠠᠷᠯᠠᠳᠠᠭ᠃ ᠡᠬᠡ ᠣᠷᠣᠨ ᠤ ᠪᠠᠨ ᠲᠠᠷᠬᠠᠨ ᠬᠢᠯᠢ ᠪᠠᠨ ᠪᠠᠲᠤ ᠬᠠᠮᠠᠭᠠᠯᠠᠬᠤ ᠶᠢᠨ ᠲᠥᠯᠥᠭᠡ ᠡᠷᠡᠯᠬᠡᠭᠯᠡᠨ ᠪᠤᠰᠬᠤ ᠪᠠᠭᠠᠲᠤᠷᠯᠢᠭ ᠬᠥᠮᠥᠰ ᠭᠦᠨᠳᠦᠳᠭᠡᠯᠳᠡᠢ᠃      ᠡᠬᠡ ᠣᠷᠣᠨ ᠤ ᠪᠠᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠠᠭᠠᠯᠠᠬᠤ ᠪᠣᠯ ᠬᠥᠮᠥᠨ ᠪᠦᠭᠦᠨ ᠤ ᠬᠠᠷᠢᠭᠤᠴᠠᠯᠭ᠎ᠠ ᠶᠤᠮ᠃ ᠡᠬᠡ ᠣᠷᠣᠨ ᠭᠡᠳᠡᠭ ᠥᠨᠢᠷ ᠳᠤᠯᠠᠭᠠᠨ ᠭᠡᠷ ᠪᠦᠯᠢ ᠳᠤ ᠤᠯᠠᠨ ᠦᠨᠳᠦᠰᠦᠲᠡᠨ ᠶᠠᠰᠤᠳᠠᠨ ᠬᠠᠮᠲᠤ ᠪᠠᠷ ᠣᠷᠣᠰᠢᠵᠤ᠂ ᠬᠠᠮᠲᠤ ᠪᠠᠷ ᠤᠷᠤᠭᠰᠢᠯᠠᠨ ᠬᠥᠭᠵᠢᠵᠦ ᠪᠠᠶᠢᠳᠠᠭ᠃ ᠡᠬᠡ ᠣᠷᠣᠨ ᠤ ᠪᠠᠨ ᠠᠯᠳᠠᠷ ᠨᠡᠷ᠎ᠡ᠂ ᠠᠯᠳᠠᠨ ᠬᠢᠯᠢ ᠶᠢ ᠬᠠᠮᠠᠭᠠᠯᠠᠶ᠎ᠠ︕ ᠠᠰᠤᠷᠤ ᠬᠥᠭᠵᠢᠯᠲᠡ ᠳᠤᠨᠢ ᠥᠴᠥᠬᠡᠨ ᠴᠦ ᠭᠡᠰᠡᠨ ᠬᠤᠪᠢ ᠨᠡᠮᠡᠷᠢ ᠪᠠᠨ ᠡᠷᠭᠦᠶ᠎ᠡ︕ ᠨᠤᠲᠤᠭ ᠤᠰᠤ᠂ ᠡᠬᠡ ᠣᠷᠣᠨ ᠢᠶᠠᠨ ᠬᠠᠮᠠᠭᠠᠯᠠᠬᠤ ᠨᠢ ᠡᠵᠡᠨ ᠬᠥᠮᠥᠨ ᠤ ᠲᠠᠷᠬᠠᠨ ᠬᠠᠷᠢᠭᠤᠴᠠᠯᠭ᠎ᠠ  ᠶᠤᠮ᠃      ᠪᠥᠮᠪᠥᠷᠴᠡᠭ ᠤᠨ ᠢᠶᠠᠨ ᠡᠯᠢᠭᠡᠨ ᠳᠤ᠂ ᠡᠬᠡ ᠣᠷᠣᠨ ᠤ ᠪᠠᠨ ᠳᠤᠯᠠᠭᠠᠨ ᠡᠪᠦᠷ ᠲᠤ᠂ ᠡᠷᠬᠡ ᠵᠢᠷᠭᠠᠯᠲᠠᠢ ᠠᠮᠢᠳᠤᠷᠠᠵᠤ ᠪᠠᠶᠢᠭ᠎ᠠ ᠬᠥᠮᠥᠰ ᠡᠬᠡ ᠣᠷᠣᠨ ᠤ ᠪᠠᠨ ᠢᠷᠠᠭᠤ ᠠᠯᠳᠠᠷ ᠢ ᠶᠠᠭᠤᠨ ᠠᠴᠠ ᠴᠦ ᠢᠯᠡᠭᠦᠦ ᠡᠷᠬᠢᠮᠯᠡᠵᠦ ᠬᠠᠮᠠᠭᠠᠯᠠᠵᠤ ᠶᠠᠪᠤᠳᠠᠭ᠃ ᠪᠦᠭᠦ ᠳᠡᠯᠡᠬᠡᠢ ᠶᠢᠨ ᠠᠷᠠᠰᠤᠲᠠᠨ ᠶᠠᠰᠤᠳᠠᠨ ᠴᠤᠭᠯᠠᠷᠠᠭᠰᠠᠨ ᠣᠯᠢᠮᠫᠢᠺ ᠤᠨ ᠲᠠᠮᠢᠷ ᠤᠨ ᠲᠠᠯᠠᠪᠤᠷ ᠲᠤ᠂ ᠤᠯᠤᠰ ᠤᠨ ᠰᠦᠯᠳᠡ ᠳᠠᠭᠤᠤ ᠬᠠᠩᠭᠢᠨᠠᠨ᠂ ᠲᠠᠪᠤᠨ ᠣᠳᠣᠲᠤ ᠤᠯᠠᠭᠠᠨ ᠲᠤᠭ ᠨᠠᠮᠢᠷᠠᠬᠤ ᠪᠣᠯ ᠡᠬᠡ ᠣᠷᠣᠨ ᠤ ᠮᠢᠨᠢ ᠲᠥᠯᠥᠭᠡᠯᠡᠯ  ᠪᠣᠯᠵᠤ ᠪᠠᠶᠢᠳᠠᠭ᠃ ᠲᠠᠪᠤᠨ ᠣᠳᠣᠲᠤ ᠤᠯᠠᠭᠠᠨ ᠲᠤᠭ ᠢ ᠣᠯᠢᠮᠫᠢᠺ ᠤᠨ ᠲᠠᠮᠢᠷ ᠤᠨ ᠲᠠᠯᠠᠪᠤᠷ ᠲᠤ ᠬᠠᠮᠤᠭ ᠤᠨ ᠥᠨᠳᠥᠷ ᠲᠤ ᠨᠠᠮᠢᠷᠠᠭᠤᠯᠬᠤ ᠶᠢᠨ ᠲᠥᠯᠥᠭᠡ ᠬᠥᠯᠥᠰᠦ ᠴᠢᠰᠤ ᠪᠠᠨ ᠤᠷᠤᠰᠬᠠᠭᠰᠠᠨ ᠲᠠᠮᠢᠷᠴᠢᠳ ᠤᠨ ᠢᠶᠠᠨ ᠬᠠᠮᠲᠤ᠂ ᠡᠨᠡ ᠬᠦ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠬᠦ ᠨᠢ ᠶᠠᠭᠤᠲᠠᠢ ᠪᠠᠶᠠᠷ᠂ ᠶᠠᠭᠤᠲᠠᠢ ᠣᠮᠣᠭᠰᠢᠯᠲᠠᠢ ᠪᠢᠯᠡ︕ ᠡᠨᠡ ᠪᠣᠯ ᠲᠠᠮᠢᠷᠴᠢᠳ ᠤᠨ ᠵᠣᠷᠢᠭ ᠰᠠᠨᠠᠭ᠎ᠠ᠂ ᠡᠬᠡ ᠣᠷᠣᠨᠴᠢ ᠬᠥᠮᠥᠰ ᠤᠨ ᠡᠯᠢᠭᠡ ᠵᠢᠷᠦᠬᠡᠨ ᠤ ᠬᠠᠶᠢᠷ᠎ᠠ ᠳᠣᠭᠳᠣᠯᠤᠯ᠃      ᠬᠥᠮᠥᠨ ᠠᠴᠢᠭᠰᠠᠨ ᠰᠠᠨᠰᠠᠷ ᠤᠨ ᠬᠤᠪᠢᠯᠭᠠᠨ ᠣᠩᠭᠤᠴᠠ ᠬᠥᠭᠡᠷᠦᠨ ᠳᠡᠭᠳᠡᠬᠦ  ᠲᠡᠷᠡ ᠮᠥᠴᠡ ᠳᠤ ᠵᠢᠷᠦᠬᠡᠨ ᠤ ᠪᠠᠨ ᠴᠣᠬᠢᠯᠭ᠎ᠠ ᠶᠢ ᠳᠠᠷᠤᠵᠤ ᠶᠠᠳᠠᠨ ᠪᠠᠷᠠᠯᠠᠬᠤ ᠨᠢ ᠶᠠᠭᠤᠲᠠᠢ ᠣᠮᠣᠭᠰᠢᠯ ᠲᠠᠢ ᠪᠢᠯᠡ︕ ᠡᠨᠡ ᠪᠣᠯ ᠡᠬᠡ ᠣᠷᠣᠨ ᠤ ᠮᠢᠨᠢ ᠬᠥᠭᠵᠢᠯᠲᠡ᠃      ᠡᠬᠡ ᠣᠷᠣᠨ ᠮᠢᠨᠢ ᠨᠢᠰᠬᠦ ᠮᠡᠲᠦ ᠲᠦᠷᠭᠡᠨ ᠬᠥᠭᠵᠢᠵᠦ ᠪᠠᠶᠢᠨ᠎ᠠ᠃ ᠲᠠᠮᠢᠷ ᠤᠷᠠᠯᠢᠭ᠂ ᠰᠣᠶᠣᠯ ᠰᠢᠨᠵᠢᠯᠡᠬᠦ ᠤᠬᠠᠭᠠᠨ᠂ ᠴᠡᠷᠢᠭ ᠤᠨ ᠶᠠᠪᠤᠳᠠᠯ ᠁ ᠪᠦᠭᠦ ᠲᠠᠯ᠎ᠠ ᠪᠠᠷ ᠪᠠᠳᠠᠷᠠᠨ ᠬᠥᠭᠵᠢᠵᠦ᠂ ᠪᠤᠰᠤᠳ ᠲᠤ ᠲᠦᠷᠢᠮᠡᠬᠡᠶᠢᠯᠡᠭᠳᠡᠵᠦ᠂ ᠲᠡᠭᠰᠢ ᠪᠤᠰᠤ ᠭᠡᠷ᠎ᠡ ᠲᠣᠭᠲᠠᠨ᠂ ᠬᠢᠬᠠᠭᠳᠠᠨ ᠮᠥᠯᠵᠢᠭᠳᠡᠵᠦ ᠪᠠᠶᠢᠭᠰᠠᠨ ᠴᠠᠭ ᠦᠶ᠎ᠡ ᠨᠢᠭᠡᠨᠲᠡ ᠥᠩᠭᠡᠷᠡᠭᠰᠡᠨ᠃ ᠪᠢᠳᠡ ᠪᠤᠰᠤᠳ ᠤᠨ ᠡᠮᠦᠨ᠎ᠡ ᠠᠴᠠ ᠣᠮᠤᠭ ᠪᠠᠷᠳᠠᠮ ᠶᠠᠷᠢᠵᠤ ᠴᠢᠳᠠᠬᠤ ᠨᠢ ᠤᠯᠤᠰ ᠣᠷᠣᠨ ᠤ ᠮᠢᠨᠢ ᠬᠦᠴᠦᠷᠬᠡᠭᠵᠢᠯ ᠤᠨ ᠢᠯᠡᠷᠡᠯ ᠶᠤᠮ︕      ᠡᠨᠡ ᠬᠦ ᠬᠦᠴᠦᠷᠬᠡᠭᠵᠢᠯ ᠪᠣᠯ ᠦᠶ᠎ᠡ ᠦᠶ᠎ᠡ ᠶᠢᠨ ᠡᠬᠡ ᠣᠷᠣᠨᠴᠢ ᠬᠥᠮᠥᠰ ᠤᠨ ᠬᠠᠲᠠᠭᠤᠵᠢᠯᠲᠠᠢ ᠴᠢᠷᠮᠠᠶᠢᠯᠭ᠎ᠠ ᠶᠢᠨ ᠦᠷ᠎ᠡ ᠵᠢᠮᠢᠰ ᠪᠤᠯᠬᠤ ᠶᠤᠮ᠃ ᠲᠡᠳᠡᠭᠡᠷ ᠤᠯᠤᠰ ᠢᠶᠠᠨ ᠬᠠᠶᠢᠷᠠᠯᠠᠭᠴᠢ ᠬᠥᠮᠥᠰ ᠤᠨ ᠤᠶᠢᠭ᠎ᠠ ᠦᠭᠡᠢ ᠬᠠᠲᠠᠭᠤᠵᠢᠯᠲᠠᠢ ᠴᠢᠷᠮᠠᠶᠢᠯᠭ᠎ᠠ ᠶᠢᠨ ᠦᠷ᠎ᠡ ᠳ᠋ᠦᠩ ᠪᠢᠯᠡ᠃  ᠡᠬᠡ ᠣᠷᠣᠨ ᠭᠡᠳᠡᠭ ᠥᠷᠥ ᠵᠢᠷᠦᠬᠡᠨ ᠤ ᠬᠢᠨᠢ ᠢᠲᠡᠭᠡᠯ ᠬᠠᠶᠢᠷ᠎ᠠ ᠰᠠᠶ᠋ᠢ ᠠᠯᠢᠪᠠ ᠬᠦᠴᠢᠷ ᠢ ᠢᠯᠠᠨ ᠳᠠᠪᠠᠭ᠋ᠤ ᠬᠥᠳᠡᠯᠭᠡᠬᠦ ᠬᠦᠴᠦᠨ ᠪᠣᠯᠵᠤ ᠪᠠᠶᠢᠳᠠᠭ᠃      ᠰᠢᠨ᠎ᠡ ᠡᠷᠢᠨ᠂ ᠰᠢᠨ᠎ᠡ ᠴᠠᠭ ᠦᠶ᠎ᠡ ᠳᠤ᠂ ᠪᠢᠳᠡ ᠮᠥᠷᠥᠨ ᠤ ᠬᠦᠴᠦ ᠪᠠᠨ ᠲᠦᠰᠢᠭᠡᠳ ᠯᠠ ᠪᠤᠯᠬᠤ ᠪᠢᠰᠢ᠂ ᠢᠨᠲ᠋ᠧᠷ ᠰᠦᠯᠵᠢᠶ᠎ᠡ᠂ ᠠᠦ᠋ᠲ᠋ᠣᠴᠢᠯᠠᠭᠰᠠᠨ᠂ ᠣᠶᠤᠨᠴᠢᠯᠠᠭᠰᠠᠨ ᠴᠠᠭ ᠦᠶ᠎ᠡ ᠬᠦᠷᠴᠦ ᠢᠷᠡᠭᠡᠳ ᠪᠤᠢ᠃ ᠡᠶᠢᠮᠦ ᠠᠴᠠ ᠨᠡᠩ ᠤᠷᠤᠭᠰᠢᠯᠠᠭᠰᠠᠨ ᠰᠣᠶᠣᠯ ᠰᠢᠨᠵᠢᠯᠡᠬᠦ ᠤᠬᠠᠭᠠᠨ ᠢ ᠡᠵᠡᠮᠰᠢᠵᠦ᠂ ᠨᠡᠩ ᠲᠠᠪᠰᠢᠬᠰᠠᠨ ᠮᠡᠷᠭᠡᠵᠢᠯ ᠢᠶᠠᠷ ᠤᠯᠤᠰ ᠣᠷᠣᠨ ᠢᠶᠠᠨ ᠬᠦᠴᠦᠷᠬᠡᠭᠵᠢᠭᠦᠯᠬᠦ ᠬᠡᠷᠡᠭᠲᠡᠢ ᠪᠣᠯᠣᠭᠠᠳ ᠪᠠᠶᠢᠨ᠎ᠠ᠃      ᠡᠬᠡ ᠣᠷᠣᠨ ᠢᠶᠠᠨ ᠭᠤᠯᠣᠬᠤ ᠬᠥᠮᠥᠨ᠂ ᠡᠵᠢ ᠪᠠᠨ ᠭᠤᠯᠣᠭᠰᠠᠨ ᠲᠠᠢ ᠠᠳᠠᠯᠢᠬᠠᠨ᠃ ᠤᠰᠤ ᠶᠢ ᠨᠢ ᠤᠤᠭᠤᠵᠤ᠂ ᠰᠢᠮ᠎ᠡ ᠶᠢ ᠨᠢ ᠬᠦᠷᠲᠡᠵᠦ᠂ ᠡᠷ᠎ᠡ ᠶᠢᠨ ᠵᠡᠷᠭᠡ ᠳᠤ ᠭᠦᠷᠦᠭᠡᠳ ᠥᠭᠡᠷ᠎ᠡ ᠪᠤᠰᠤᠳ ᠵᠦᠭ ᠥᠨᠳᠡᠶᠢᠭᠡᠳ ᠪᠠᠶᠢᠳᠠᠭ ᠨᠢ ᠵᠢᠭᠰᠢᠭᠦᠷᠢᠲᠡᠢ᠃ ᠠᠮᠢ ᠨᠠᠰᠤ ᠠᠮᠢᠳᠤᠷᠠᠯ ᠤᠨ ᠦᠨ᠎ᠡ ᠦᠷᠳᠡᠭ ᠢ ᠤᠯᠤᠰ ᠣᠷᠣᠨ᠂ ᠬᠥᠮᠥᠨ ᠲᠥᠷᠥᠯᠬᠢᠲᠡᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠪᠠᠷ ᠨᠢ ᠪᠠᠷᠢᠮᠵᠢᠶᠠᠯᠠᠳᠠᠭ᠃ ᠲᠡᠶᠢᠮᠦ ᠳᠡᠭᠡᠨ ᠵᠠᠷᠢᠮ ᠬᠥᠮᠥᠨ ᠤ ᠨᠡᠷ᠎ᠡ ᠠᠯᠳᠠᠷ ᠲᠠᠶᠢᠱᠠᠨ ᠠᠭᠤᠯᠠ ᠮᠡᠲᠦ ᠪᠠᠶᠢᠬᠤ ᠳᠤ ᠵᠠᠷᠢᠮ ᠬᠥᠮᠥᠨ ᠤ ᠨᠡᠷ᠎ᠡ ᠠᠯᠳᠠᠷ ᠬᠤᠨ ᠭᠠᠯᠠᠭᠤᠨ ᠤ ᠨᠣᠣᠯᠣᠭᠤᠷ ᠮᠡᠲᠦ ᠪᠠᠶᠢᠳᠠᠭ᠃      ᠡᠷᠳᠡᠮ ᠮᠡᠳᠡᠯᠭᠡ ᠶᠢ ᠡᠵᠡᠮᠰᠢᠭᠡᠳ᠂ ᠡᠬᠡ ᠣᠷᠣᠨ ᠤ ᠪᠠᠨ ᠬᠥᠭᠵᠢᠯᠲᠡ ᠶᠢᠨ ᠦᠢᠯᠡᠰ ᠲᠤ ᠬᠦᠴᠦ ᠪᠠᠨ ᠡᠷᠭᠦᠬᠦ ᠨᠢ ᠦᠶ᠎ᠡ ᠦᠶ᠎ᠡ ᠶᠢᠨ ᠬᠥᠮᠥᠰ ᠲᠤ ᠪᠠᠭ᠋ᠠᠷᠬᠠᠬᠳᠠᠨ ᠰᠠᠶᠢᠰᠢᠶᠠᠭᠳᠠᠨ᠎ᠠ᠃ ᠰᠢᠨᠵᠢᠯᠡᠬᠦ ᠤᠬᠠᠭᠠᠨᠲᠠᠨ ᠴᠢᠶᠠᠨ ᠰᠢᠤᠸᠠᠢ ᠰᠧᠨ ᠭᠠᠳᠠᠭᠠᠳᠤ ᠶᠢᠨ ᠰᠠᠶᠢᠨ ᠰᠠᠶᠢᠬᠠᠨ ᠨᠥᠬᠦᠴᠡᠯ ᠢ ᠣᠭᠤᠷᠴᠤ ᠤᠯᠤᠰ ᠣᠷᠣᠨ ᠳᠠᠭᠠᠨ ᠢᠷᠡᠵᠦ ᠦᠢᠯᠡᠴᠢᠯᠡᠭᠰᠡᠨ ᠨᠢ ᠲᠤᠮᠳᠠᠳᠤ ᠶᠢᠨ ᠬᠥᠪᠡᠭᠦᠳ ᠥᠬᠢᠳ ᠤᠨ ᠬᠦᠨᠳᠦᠳᠬᠡᠯ ᠪᠠᠭ᠋ᠠᠷᠬᠠᠯ ᠢ ᠬᠦᠷᠲᠡᠵᠦ᠂ ᠦᠢ ᠤᠯᠠᠨ ᠵᠠᠯᠠᠭᠤᠰ ᠤᠨ ᠳᠠᠭᠤᠷᠢᠶᠠᠯ ᠪᠣᠯᠤᠭᠰᠠᠨ ᠶᠤᠮ᠃      ᠡᠬᠡ ᠣᠷᠣᠨ ᠤ ᠮᠢᠨᠢ ᠥᠷᠭᠡᠨ ᠠᠭᠤᠳᠠᠮ ᠨᠤᠲᠤᠭ ᠳᠡᠪᠢᠰᠬᠡᠷ ᠲᠤ ᠥᠨᠳᠥᠷ ᠰᠦᠷᠯᠢᠭ ᠠᠭᠤᠯᠠ ᠨᠢᠷᠤᠭᠤᠳ ᠪᠠᠭᠠᠨᠠᠳᠠᠵᠤ᠂ ᠥᠷᠭᠡᠨ ᠶᠡᠭᠡ ᠭᠤᠣᠯ ᠮᠥᠷᠡᠨ ᠬᠠᠯᠭᠢᠯᠠᠨ ᠱᠤᠤᠭᠢᠵᠤ ᠪᠠᠶᠢᠳᠠᠭ᠃ ᠦᠵᠡᠮᠵᠢᠲᠦ ᠰᠠᠶᠢᠬᠠᠨ ᠡᠬᠡ ᠣᠷᠣᠨ ᠮᠢᠨᠢ ᠪᠥᠮᠪᠥᠷᠴᠡᠭ ᠤᠨ ᠲᠤᠷᠤᠨ᠎ᠠ ᠵᠦᠭ ᠲᠤ ᠡᠭᠦᠯᠡ ᠬᠥᠯᠭᠡᠯᠡᠭᠰᠡᠨ ᠯᠤᠤ ᠮᠡᠲᠦ᠂ ᠠᠷᠬᠢᠷᠠᠨ ᠬᠦᠷᠬᠢᠷᠡᠭᠴᠢ ᠠᠷᠰᠯᠠᠨ ᠮᠡᠲᠦ ᠣᠮᠤᠭ ᠲᠡᠭᠦᠯᠳᠡᠷ ᠢᠶᠠᠷ ᠡᠯ᠎ᠡ ᠠᠷᠠᠰᠤᠲᠠᠨ ᠶᠠᠰᠤᠳᠠᠨ ᠳᠤ ᠥᠪᠡᠷ ᠤᠨ ᠰᠦᠷᠯᠢᠭ ᠦᠵᠡᠮᠵᠢ᠂ ᠠᠰᠤᠷᠤ ᠬᠥᠭᠵᠢᠯᠲᠡ ᠪᠠᠷ ᠢᠶᠠᠨ ᠭᠠᠶᠢᠬᠠᠨ ᠱᠠᠭᠰᠢᠭᠳᠠᠵᠤ ᠪᠤᠢ᠃      ᠬᠥᠬᠡᠮᠳᠦᠭ ᠨᠣᠭᠤᠭᠠᠨ ᠠᠭᠤᠯᠠ ᠤᠰᠤᠨ ᠳᠤ ᠵᠢᠭᠦᠷᠲᠡᠨ ᠰᠢᠪᠠᠭᠤᠳ ᠳᠣᠩᠭᠤᠳᠴᠤ᠂ ᠠᠷᠢᠶᠠᠲᠠᠨ ᠭᠥᠷᠥᠭᠡᠰᠦ ᠲᠣᠭᠯᠠᠵᠤ᠂ ᠤᠢ ᠬᠥᠪᠴᠢ ᠪᠠᠭᠰᠢᠷᠠᠨ᠂ ᠴᠡᠴᠡᠭ ᠬᠤᠸᠠᠷ ᠮᠢᠷᠠᠯᠵᠠᠨᠠᠮ᠃ ᠵᠢᠷᠤᠭ ᠰᠢᠭ᠋ ᠭᠤᠶᠣᠬᠠᠨ ᠨᠤᠲᠤᠭ ᠲᠤ᠂ ᠬᠥᠮᠥᠨ ᠪᠠᠶᠢᠭᠠᠯᠢ ᠵᠣᠬᠢᠴᠠᠯᠳᠤᠨ ᠡᠶ᠎ᠡ ᠨᠠᠶᠢᠷᠠᠮᠳᠠᠭᠤ ᠣᠷᠣᠰᠢᠵᠤ᠂ ᠤᠯᠠᠷᠢᠯ ᠤᠨ ᠥᠩᠭᠡ ᠰᠢᠨ᠎ᠡ᠂ ᠴᠠᠭ ᠤᠨ ᠪᠠᠶᠢᠳᠠᠯ ᠥᠭᠡᠳᠡ᠃ ᠡᠯᠡᠰᠦ ᠶᠢ ᠲᠣᠭᠲᠠᠪᠤᠷᠢᠵᠢᠭᠤᠯᠵᠤ᠂ ᠤᠷᠭᠤᠴᠠ ᠶᠢᠨ ᠪᠦᠷᠬᠦᠯᠲᠡ ᠶᠢ ᠰᠠᠶᠢᠵᠢᠷᠠᠭᠤᠯᠤᠨ᠂ ᠮᠠᠰᠢᠨᠴᠢᠯᠠᠯᠲᠠ ᠶᠢᠨ ᠴᠠᠭ ᠦᠶ᠎ᠡ ᠳᠤ ᠣᠷᠣᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠤᠰᠬᠤᠨ ᠢ ᠪᠦᠲᠦᠭᠡᠨ ᠪᠠᠶᠢᠭᠤᠯᠵᠤ ᠪᠤᠢ᠃ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠶᠤᠨᠯᠢᠭ ᠮᠡᠷᠭᠡᠵᠢᠯ ᠢᠶᠠᠷ ᠠᠵᠢᠯᠯᠠᠵᠤ᠂ ᠲᠣᠭᠠᠴᠢᠯᠠᠭᠰᠠᠨ ᠴᠠᠭ ᠦᠶ᠎ᠡ ᠳᠤ ᠣᠷᠣᠵᠤ ᠪᠤᠢ᠃ ᠦᠵᠡᠮᠵᠢ ᠶᠢᠨ ᠰᠠᠶᠢᠬᠠᠨ ᠳᠤ ᠵᠦᠢᠯ ᠤᠨ ᠰᠢᠪᠠᠭᠤᠳ ᠬᠤᠷᠠᠨ ᠴᠤᠭᠯᠠᠷᠠᠵᠤ᠂ ᠬᠥᠭᠵᠢᠯᠲᠡ ᠶᠢᠨ ᠲᠦᠷᠭᠡᠨ ᠳᠤ ᠬᠤᠯᠠ ᠣᠶᠢᠷ᠎ᠠ ᠶᠢᠨ ᠤᠯᠤᠰ ᠱᠠᠭᠰᠢᠯᠳᠤᠨ ᠭᠠᠶᠢᠬᠠᠯᠳᠤᠵᠤ ᠪᠤᠢ᠃      ᠨᠠᠭᠤᠷ ᠠᠮᠤᠷ ᠪᠣᠯ ᠨᠤᠭᠤᠰᠤ ᠠᠮᠤᠭᠤᠯᠠᠩ᠃ ᠡᠬᠡ ᠣᠷᠣᠨ ᠬᠦᠴᠦᠷᠬᠡᠭᠵᠢᠨ ᠴᠢᠭᠢᠷᠠᠭᠵᠢᠪᠠᠯ ᠠᠷᠠᠳ ᠲᠦᠮᠡᠨ ᠵᠣᠯ ᠵᠢᠷᠭᠠᠯ ᠲᠠᠢ ᠠᠮᠢᠳᠤᠷᠠᠵᠤ ᠴᠢᠳᠠᠨ᠎ᠠ᠃ ᠥᠨᠥᠳᠥᠷ ᠤᠨ ᠠᠷᠠᠳ ᠲᠦᠮᠡᠨ ᠡᠷᠬᠡ ᠴᠢᠯᠦᠭᠡᠲᠦ ᠡᠬᠡ ᠣᠷᠣᠨ ᠳᠠᠭᠠᠨ ᠵᠣᠯ ᠵᠢᠷᠭᠠᠯ ᠲᠠᠢ ᠠᠮᠢᠳᠤᠷᠠᠵᠤ᠂ ᠪᠠᠶᠠᠨ ᠬᠦᠴᠦᠷᠬᠡᠭ᠂ ᠡᠶ᠎ᠡ ᠨᠠᠶᠢᠷᠠᠮᠳᠠᠭᠤ ᠤᠯᠤᠰ ᠣᠷᠣᠨ ᠳᠠᠭᠠᠨ ᠨᠡᠩ ᠶᠡᠭᠡ ᠡᠳ᠋ ᠪᠠᠶᠠᠯᠢᠭ ᠢ ᠡᠭᠦᠳᠦᠨ ᠪᠦᠲᠦᠭᠡᠵᠦ᠂ ᠨᠡᠩ ᠥᠨᠳᠥᠷ ᠬᠥᠭᠵᠢᠯᠲᠡ ᠲᠠᠪᠰᠢᠯᠳᠠ ᠶᠢ ᠲᠡᠮᠡᠴᠡᠨ ᠣᠯᠵᠤ ᠪᠤᠢ᠃      ᠥᠪᠡᠷ ᠥᠪᠡᠷ ᠤᠨ ᠲᠤᠬᠠᠶᠢᠯᠠᠭᠰᠠᠨ ᠠᠵᠢᠯ ᠢᠶᠠᠨ ᠭᠢᠯᠠᠯᠵᠠᠲᠠᠯ᠎ᠠ ᠪᠡᠶᠡᠯᠡᠭᠦᠯᠵᠦ᠂ ᠥᠪᠡᠷ ᠤᠨ ᠬᠦᠴᠦᠷᠬᠡᠭᠵᠢᠯ ᠢᠶᠠᠨ ᠤᠯᠤᠰ ᠣᠷᠣᠨ ᠤ ᠬᠦᠴᠦᠷᠬᠡᠭᠵᠢᠯ ᠲᠠᠢ ᠬᠤᠯᠪᠣᠵᠤ᠂ ᠨᠡᠩ ᠠᠯᠤᠰ ᠬᠤᠯᠠ ᠶᠢᠨ ᠬᠦᠰᠡᠯᠡᠩ ᠤᠨ ᠢᠶᠠᠨ ᠲᠥᠯᠥᠭᠡ ᠴᠢᠷᠮᠠᠶᠢᠨ ᠵᠢᠳᠬᠦᠪᠡᠯ ᠵᠢᠳᠬᠦᠯ ᠤᠨ ᠬᠠᠷᠢᠭᠤ ᠳᠤ ᠠᠮᠵᠢᠯᠲᠠ ᠶᠢᠨ ᠵᠢᠮᠢᠰ ᠠᠮᠲᠠᠯᠠᠭᠳᠠᠬᠤ ᠶᠤᠮ᠃ ᠡᠬᠡ ᠣᠷᠣᠨ ᠭᠡᠳᠡᠭ ᠡᠷᠬᠡ ᠵᠢᠷᠭᠠᠯᠲᠠᠢ ᠭᠡᠷ ᠪᠦᠯᠢ ᠳᠡᠭᠡᠨ ᠥᠪᠡᠷ ᠤᠨ ᠥᠴᠥᠬᠡᠨ ᠬᠤᠪᠢ ᠨᠡᠮᠡᠷᠢ ᠪᠠᠨ ᠨᠡᠮᠡᠷᠢᠯᠡᠵᠦ᠂ ᠥᠩᠭᠡᠲᠦ ᠴᠡᠴᠡᠭ ᠤᠨ ᠬᠢᠨᠢ ᠨᠢᠭᠡᠨ ᠲᠡᠯᠪᠢ ᠪᠣᠯᠵᠤ ᠳᠡᠯᠭᠡᠷᠡᠨᠡᠮ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ