2016 ᠣᠨ ᠤ ︽ᠪᠥᠮᠪᠥᠷᠴᠡᠭ ᠤᠨ ᠬᠥᠮᠥᠨ ᠲᠥᠷᠥᠯᠬᠢᠲᠡᠨ ᠣᠷᠣᠰᠢᠨ ᠠᠮᠢᠳᠤᠷᠠᠬᠤ ᠪᠠᠶᠢᠭᠠᠯᠢ ᠣᠷᠴᠢᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ | ᠱᠠᠩᠨᠠᠯ︾ ᠭᠥᠷᠳᠡᠭᠰᠡᠨ ᠮᠣᠩᠭᠤᠯ ᠦᠨᠳᠦᠰᠦᠲᠡᠨ ᠤ ᠠᠯᠳᠠᠷᠲᠤ ᠰᠢᠨᠵᠢᠯᠡᠬᠦ ᠤᠬᠠᠭᠠᠨᠲᠠᠨ ᠴᠢᠯᠠᠭᠤ ᠪᠣᠯ ᠪᠡᠭᠡᠵᠢᠩ ᠶᠡᠭᠡ ᠰᠤᠷᠭᠠᠭᠤᠯᠢ ᠶᠢᠨ ᠫᠷᠣᠹᠧᠰᠰᠣᠷ᠂ | ᠳ᠋ᠣᠺᠲ᠋ᠣᠷᠠᠨᠲ ᠤᠨ ᠵᠢᠯᠣᠭᠤᠳᠤᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠣᠨᠴᠠ ᠨᠥᠬᠦᠪᠦᠷᠢ ᠶᠢ ᠬᠦᠷᠲᠡᠵᠦ ᠪᠠᠶᠢᠭ᠎ᠠ ᠲᠤᠰᠬᠠᠢ ᠮᠡᠷᠭᠡᠵᠢᠯᠲᠡᠨ᠂ | ᠮᠠᠲ᠋ᠧᠷᠢᠶᠠᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠺᠣᠪᠠᠯᠲ ᠬᠦᠴᠢᠯ ᠤᠨ ᠯᠢᠲ᠋ᠢ᠂ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ | ᠵᠠᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠤᠨ ᠰᠠᠭᠤᠷᠢᠯᠠᠭᠴᠢ ᠮᠥᠨ᠃ ᠠᠯᠤᠰ ᠲᠠᠯᠠᠢ ᠳᠤ ᠬᠦᠷᠴᠦ ᠤᠶᠤᠨ ᠤᠬᠠᠭᠠᠨ ᠢᠶᠠᠨ ᠴᠡᠨᠡᠭᠯᠡᠭᠰᠡᠨ ᠨᠢ ᠲᠡᠷᠡ 1957 | ᠣᠨ ᠤ 10 ᠰᠠᠷ᠎ᠠ ᠳᠤ ᠥᠪᠥᠷ ᠮᠣᠩᠭᠤᠯ ᠣᠷᠳᠣᠰ ᠬᠤᠲᠠ ᠶᠢᠨ ᠦᠦᠰᠢᠨ ᠬᠤᠰᠢᠭᠤᠨ ᠳᠤ ᠲᠦᠷᠦᠵᠡᠢ᠃ | 1977 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠰᠢᠯᠭᠠᠭᠤᠯᠤᠨ ᠣᠷᠣᠵᠤ᠂ 1982 ᠣᠨ ᠠᠴᠠ 1986 | ᠣᠨ ᠪᠤᠯᠲᠠᠯ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷ ᠬᠤᠪᠣᠷ ᠰᠢᠷᠣᠢ ᠶᠢᠨ ᠡᠯᠧᠮᠧᠨ᠋ᠲ ᠢ ᠵᠠᠳᠠᠯᠬᠤ | ᠬᠢᠮᠢ ᠶᠢᠨ ᠰᠤᠳᠤᠯᠭᠠᠨ ᠤ ᠠᠵᠢᠯ ᠳᠤ ᠣᠷᠣᠯᠴᠠᠵᠠᠢ᠃ | 1988 ᠣᠨ ᠳᠤ ᠲᠡᠭᠦᠨ ᠤ ᠬᠤᠪᠣᠷ ᠰᠢᠷᠣᠢ ᠵᠡᠷᠭᠡ ᠬᠢᠮᠢ ᠶᠢᠨ ᠡᠯᠧᠮᠧᠨ᠋ᠲ ᠤᠨ ᠬᠦᠷᠢᠶᠡᠨ ᠳᠠᠬᠢ ᠰᠤᠳᠤᠯᠭᠠᠨ ᠤ ᠦᠷ᠎ᠡ ᠪᠦᠳᠦᠮᠵᠢ ᠨᠢ ᠡᠷᠳᠡᠮ | ᠰᠢᠨᠵᠢᠯᠡᠭᠡᠨ ᠤ ᠬᠢᠨ ᠳᠤ ᠮᠡᠳᠡᠷᠡᠭᠳᠡᠵᠦ᠂ ᠠᠯᠪᠠᠨ ᠤ ᠲᠣᠮᠢᠯᠠᠯᠲᠠ ᠪᠠᠷ ᠶᠠᠫᠤᠨ ᠳᠤ ᠰᠤᠷᠤᠯᠴᠠᠵᠤ᠂ 1992 ᠣᠨ ᠤ ᠬᠠᠪᠤᠷ ᠲᠣᠣᠺᠢᠤ᠋ ᠶᠡᠭᠡ ᠰᠤᠷᠭᠠᠭᠤᠯᠢ ᠶᠢᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃ | 1992 ᠣᠨ ᠠᠴᠠ 2000 ᠣᠨ ᠪᠣᠯᠲᠠᠯ᠎ᠠ ᠶᠠᠫᠤᠨ ᠤ ᠤᠯᠤᠰ ᠤᠨ ᠶᠡᠭᠡ ᠰᠤᠷᠭᠠᠭᠤᠯᠢ ᠪᠣᠯᠣᠨ ᠠᠵᠤ ᠠᠬᠤᠶᠢᠯᠠᠯ ᠳᠤ ᠰᠤᠳᠤᠯᠭᠠᠨ ᠤ ᠠᠵᠢᠯ ᠬᠢᠵᠦ᠂ | 2000 ᠣᠨ ᠤ 8 ᠰᠠᠷ᠎ᠠ ᠳᠤ ᠪᠡᠭᠡᠵᠢᠩ ᠶᠡᠭᠡ ᠰᠤᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ ᠣᠳᠣ ᠳᠤ ᠬᠦᠷᠴᠡᠢ᠃ | ᠶᠠᠫᠤᠨ ᠳᠤ ᠰᠤᠷᠤᠯᠴᠠᠨ ᠠᠮᠢᠳᠤᠷᠠᠵᠤ ᠪᠠᠶᠢᠭᠰᠠᠨ ᠡᠨᠡᠬᠦ 13 ᠵᠢᠯ ᠨᠢ ᠴᠢᠯᠠᠭᠤ ᠶᠢᠨ ᠰᠡᠭᠦᠯᠴᠢ ᠶᠢᠨ ᠰᠤᠳᠤᠯᠭᠠᠨ ᠤ ᠴᠢᠭᠯᠡᠯ ᠪᠠ ᠲᠤᠰᠬᠠᠢ ᠮᠡᠷᠭᠡᠵᠢᠯ ᠤᠨ | ᠰᠠᠭᠤᠷᠢ ᠶᠢ ᠲᠠᠯᠪᠢᠭᠰᠠᠨ ᠵᠠᠩᠭᠢᠯᠠᠭ᠎ᠠ ᠶᠢᠨ ᠴᠠᠭ ᠦᠶ᠎ᠡ ᠪᠣᠯᠤᠭᠰᠠᠨ ᠪᠢᠯᠡ᠃ | 1992 ᠣᠨ ᠳᠤ ᠶᠠᠫᠤᠨ ᠤ ᠰᠦᠸᠧᠨᠢ ᠺᠤᠮᠫᠠᠨᠢ ᠠᠴᠠ ᠯᠢᠲ᠋ᠢ ᠢᠶᠤᠨ ᠤ ᠴᠠᠭᠢᠯᠭᠠᠨ ᠵᠠᠢ ᠶᠢ ᠦᠢᠯᠡᠳᠪᠦᠷᠢᠯᠡᠨ ᠲᠠᠸᠠᠷᠵᠢᠭᠤᠯᠤᠭᠰᠠᠨ ᠪᠢᠯᠡ᠃ ᠡᠨᠡᠬᠦ | ᠡᠨᠧᠷᠬᠢ ᠬᠠᠳᠠᠭᠠᠯᠠᠬᠤ ᠰᠢᠰᠲᠧᠮ ᠤᠨ ᠥᠭᠡᠷᠡᠴᠢᠯᠡᠯᠲᠡ ᠪᠠ ᠰᠢᠨ᠎ᠡ ᠡᠭᠦᠳᠦᠯᠲᠡ ᠨᠢ ᠲᠤᠬᠠᠢ ᠶᠢᠨ ᠦᠶ᠎ᠡ ᠶᠢᠨ ᠭᠠᠷ ᠤᠲᠠᠰᠤ ᠵᠢᠴᠢ ᠪᠤᠰᠤᠳ ᠳᠡᠭᠡᠳᠦ ᠰᠢᠨᠵᠢᠯᠡᠬᠦ | ᠤᠬᠠᠭᠠᠨ ᠮᠡᠷᠭᠡᠵᠢᠯ ᠤᠨ ᠪᠦᠲᠦᠭᠡᠭᠳᠡᠬᠦᠨ ᠤ ᠳᠥᠲᠡᠴᠢᠯᠡᠬᠦ ᠬᠠᠨᠳᠤᠰᠢ ᠶᠢ ᠠᠪᠴᠢᠷᠠᠭᠰᠠᠨ᠃ ᠴᠢᠯᠠᠭᠤ ᠶᠢᠨ ᠰᠢᠨ᠎ᠡ ᠮᠠᠲᠧᠷᠢᠶᠠᠯ ᠤᠨ ᠲᠠᠯ᠎ᠠ ᠪᠠᠷ ᠬᠢ ᠰᠤᠳᠤᠯᠤᠯ ᠤᠨ | ᠲᠦᠪᠰᠢᠨ ᠪᠠ ᠡᠭᠦᠳᠦᠯᠲᠡ ᠶᠢᠨ ᠴᠢᠳᠠᠪᠤᠷᠢ ᠨᠢ ᠶᠠᠫᠤᠨ ᠤ ᠤᠯᠠᠨ ᠺᠤᠮᠫᠠᠨᠢ ᠪᠠ ᠳᠡᠭᠡᠳᠦ ᠰᠤᠷᠭᠠᠭᠤᠯᠢ ᠳᠤ ᠮᠡᠳᠡᠷᠡᠭᠳᠡᠵᠦ᠂ ᠥᠨᠳᠥᠷ ᠴᠠᠯᠢᠩ ᠤᠬᠢ ᠰᠠᠶᠢᠨ | ᠨᠥᠬᠦᠴᠡᠯ ᠢᠶᠠᠷ ᠲᠡᠭᠦᠨ ᠢ ᠦᠯᠡᠳᠡᠭᠡᠬᠦ ᠪᠠᠷ ᠲᠠᠲᠠᠭᠰᠠᠨ ᠪᠠᠶᠢᠨ᠎ᠠ᠃ ᠭᠡᠪᠡᠴᠦ ᠲᠡᠷᠡ ᠡᠬᠡ ᠤᠯᠤᠰ ᠲᠠᠭᠠᠨ ᠬᠠᠷᠢᠵᠤ᠂ ᠡᠬᠡ ᠤᠯᠤᠰ ᠤᠨ ᠪᠦᠲᠦᠭᠡᠨ | ᠪᠠᠶᠢᠭᠤᠯᠤᠯᠲᠠ ᠳᠠᠭᠠᠨ ᠬᠦᠴᠦ ᠪᠠᠨ ᠡᠷᠭᠦᠬᠦ ᠭᠡᠰᠡᠨ ᠵᠣᠷᠢᠯᠲᠠ ᠶᠢ ᠭᠤᠶᠢᠪᠢᠰᠢ ᠦᠭᠡᠢ ᠪᠠᠷᠢᠮᠲᠠᠯᠠᠵᠤ ᠪᠠᠶᠢᠪᠠ᠃ ᠤᠯᠤᠰ ᠲᠠᠭᠠᠨ ᠬᠠᠷᠢᠵᠤ ᠢᠷᠡᠬᠦ ᠠᠴᠠ ᠡᠮᠦᠨ᠎ᠡ | ᠲᠡᠷᠡ ᠪᠠᠭ᠎ᠠ ᠪᠤᠰᠤ ᠪᠡᠯᠡᠳᠬᠡᠯ ᠠᠵᠢᠯ ᠬᠢᠭᠰᠡᠨ᠃ ᠨᠢᠭᠡ ᠵᠢᠯ ᠰᠢᠬᠠᠮ ᠴᠠᠭ ᠵᠠᠷᠤᠴᠠᠭᠤᠯᠵᠤ᠂ ᠶᠠᠫᠤᠨ ᠲᠤᠮᠳᠠᠳᠤ ᠬᠤᠶᠠᠷ ᠤᠯᠤᠰ ᠤᠨ ᠬᠤᠭᠤᠷᠣᠨᠳᠤ ᠵᠣᠷᠴᠢᠨ | ᠠᠶᠠᠯᠠᠵᠤ᠂ ᠦᠪᠡᠰᠦᠪᠡᠨ ᠵᠣᠭᠤᠰ ᠭᠠᠷᠭᠠᠵᠤ ᠰᠤᠳᠤᠯᠭᠠᠨ ᠳᠠᠭᠠᠨ ᠬᠡᠷᠡᠭᠰᠡᠬᠦ ᠲᠤᠨᠤᠭ ᠲᠥᠬᠦᠭᠡᠷᠦᠮᠵᠢ ᠶᠢ ᠬᠤᠳᠠᠯᠳᠤᠨ ᠠᠪᠤᠭᠰᠠᠨ ᠮᠥᠷᠲᠡᠭᠡᠨ ᠰᠤᠳᠤᠯᠬᠤ | ᠳᠤᠭᠤᠶᠢᠯᠠᠩ ᠵᠢᠴᠢ ᠬᠤᠪᠢ ᠣᠷᠣᠭᠤᠯᠤᠭᠰᠠᠨ ᠺᠤᠮᠫᠠᠨᠢ ᠶᠢ ᠰᠠᠨᠠᠭᠠᠴᠢᠯᠠᠨ ᠪᠠᠶᠢᠭᠤᠯᠵᠤ᠂ ᠤᠯᠤᠰ ᠲᠠᠭᠠᠨ ᠬᠠᠷᠢᠵᠤ ᠢᠷᠡᠭᠰᠡᠨ ᠤ ᠲᠠᠷᠠᠭ᠎ᠠ ᠰᠤᠳᠤᠯᠭᠠᠨ ᠤ | ᠠᠵᠢᠯᠯᠠᠭ᠎ᠠ ᠪᠠᠨ ᠦᠷᠭᠦᠯᠵᠢᠯᠡᠨ ᠥᠷᠨᠢᠭᠦᠯᠬᠦ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠨᠢᠭᠡᠨ ᠴᠠᠭ ᠦᠶ᠎ᠡ ᠶᠢ | ᠨᠡᠭᠡᠭᠡᠭᠰᠡᠨ ᠨᠢ 2001 ᠣᠨ ᠤ ᠡᠬᠢᠨ ᠳᠤ᠂ ᠰᠠᠶ᠋ᠢᠬᠠᠨ ᠤᠯᠤᠰ ᠲᠠᠭᠠᠨ ᠪᠤᠴᠠᠵᠤ ᠢᠷᠡᠭᠰᠡᠨ ᠴᠢᠯᠠᠭᠤ ᠫᠷᠤᠫᠧᠰᠰᠤᠷ ᠬᠤᠪᠢ ᠶᠢᠨ ᠤᠶᠤᠨ ᠤ ᠥᠮᠴᠢ ᠶᠢᠨ | ᠡᠷᠬᠡ ᠲᠠᠢ ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠭᠦᠯᠦᠭᠰᠡᠨ ᠮᠥᠷᠲᠡᠭᠡᠨ ᠪᠥᠭᠡᠮ ᠢᠶᠠᠷ ᠦᠢᠯᠡᠳᠪᠦᠷᠢᠯᠡᠬᠦ ᠪᠤᠯᠭᠠᠵᠤ᠂ | ᠮᠠᠨ ᠤ ᠤᠯᠤᠰ ᠤᠨ ᠺᠣᠪᠠᠯᠲ ᠬᠦᠴᠢᠯ ᠤᠨ ᠯᠢᠲ᠋ᠢ ᠶᠢᠨ ᠴᠢᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠲᠡᠶᠢᠯᠬᠦ ᠦᠭᠡᠢ ᠲᠡᠦᠬᠡ ᠶᠢ ᠡᠴᠦᠰᠯᠡᠭᠦᠯᠵᠦ᠂ ᠴᠠᠬᠢᠯᠭᠠᠨ | ᠵᠠᠢ ᠶᠢᠨ ᠥᠪᠡᠷ ᠤᠨ ᠦᠷᠳᠡᠭ ᠢ ᠶᠡᠬᠡᠪᠡᠷ ᠪᠠᠭᠠᠰᠬᠠᠭᠰᠠᠨ ᠪᠠᠶᠢᠨ᠎ᠠ᠃ ᠴᠠᠬᠢᠯᠭᠠᠨ ᠵᠠᠢ ᠶᠢᠨ ᠵᠠᠩᠭᠢᠯᠠᠭ᠎ᠠ ᠶᠢᠨ ᠮᠠᠲᠧᠷᠢᠶᠠᠯ ᠢ ᠳᠣᠲᠣᠭᠠᠳᠤ ᠳᠠᠭᠠᠨ | ᠦᠢᠯᠡᠳᠪᠦᠷᠢᠯᠡᠭᠰᠡᠨ ᠠᠴᠠ ᠪᠣᠯᠵᠤ᠂ ᠣᠬᠤᠷᠬᠠᠨ ᠬᠡᠳᠦᠨ ᠵᠢᠯ ᠤᠨ ᠲᠤᠷᠰᠢ᠂ ᠲᠤᠮᠳᠠᠳᠤ ᠤᠯᠤᠰ ᠨᠢᠭᠡᠨᠲᠡ ᠳᠡᠯᠡᠬᠡᠢ ᠶᠢᠨ ᠯᠢᠲ᠋ᠢ ᠶᠢᠨ ᠴᠠᠬᠢᠯᠭᠠᠨ ᠵᠠᠢ | ᠦᠢᠯᠡᠳᠪᠦᠷᠢᠯᠡᠬᠦ ᠶᠡᠭᠡ ᠤᠯᠤᠰ ᠪᠣᠯᠵᠤ ᠬᠥᠭᠵᠢᠭᠰᠡᠨ ᠮᠥᠷᠲᠡᠭᠡᠨ ᠴᠠᠬᠢᠯᠭᠠᠨ ᠵᠠᠢ ᠶᠢᠨ ᠭᠠᠷᠭᠠᠯᠲᠠ ᠨᠢ ᠪᠦᠬᠦ ᠳᠡᠯᠡᠬᠡᠢ ᠶᠢᠨ ᠭᠤᠷᠪᠠᠨ ᠤ ᠨᠢᠭᠡ ᠶᠢ ᠡᠵᠡᠯᠡᠭᠰᠡᠨ | ᠪᠠᠶᠢᠨ᠎ᠠ᠃ ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠭᠦᠯᠦᠭᠰᠡᠨ ᠤ ᠲᠠᠷᠠᠭ᠎ᠠ ᠴᠢᠯᠠᠭᠤ ᠫᠷᠤᠫᠧᠰᠰᠤᠷ ᠴᠠᠬᠢᠯᠭᠠᠨ | ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠥᠳᠡᠯᠭᠡᠭᠴᠢ ᠬᠦᠴᠦᠨ ᠤ ᠴᠠᠬᠢᠯᠭᠠᠨ ᠵᠠᠢ ᠦᠢᠯᠡᠳᠪᠦᠷᠢᠯᠡᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ | ᠪᠠᠶᠢᠯ᠎ᠠ᠃ | ᠲᠤᠮᠳᠠᠳᠤ ᠤᠯᠤᠰ ᠲᠤ ᠺᠣᠪᠠᠯᠲ ᠤᠨ ᠡᠬᠢ ᠪᠠᠶᠠᠯᠢᠭ ᠨᠢ ᠲᠤᠶᠢᠯ ᠤᠨ ᠬᠢᠵᠠᠭᠠᠷ ᠲᠠᠢ ᠪᠠᠶᠢᠵᠤ᠂ ᠦᠨᠳᠦᠰᠦᠨ ᠳᠡᠭᠡᠨ ᠭᠠᠳᠠᠭᠠᠳᠤ ᠠᠴᠠ ᠤᠷᠤᠭᠤᠯᠬᠤ ᠳᠤ | ᠲᠦᠰᠢᠭᠯᠡᠵᠦ ᠪᠠᠶᠢᠭᠰᠠᠨ ᠤᠴᠢᠷ ᠠᠴᠠ ᠺᠣᠪᠠᠯᠲ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠦᠢᠯᠡᠳᠪᠦᠷᠢᠯᠡᠯ ᠤᠨ ᠥᠪᠡᠷ ᠤᠨ ᠦᠷᠳᠡᠭ ᠨᠢ ᠬᠡᠳᠦ ᠥᠨᠳᠥᠷ | ᠮᠥᠷᠲᠡᠭᠡᠨ ᠺᠣᠪᠠᠯᠲ ᠬᠦᠴᠢᠯ ᠤᠨ ᠯᠢᠲ᠋ᠢ ᠶᠢᠨ ᠬᠠᠯᠠᠭᠤᠨ ᠤ ᠲᠣᠭᠲᠠᠯᠴᠠᠭ᠎ᠠ ᠠᠨᠠᠢ ᠪᠠᠶᠢᠵᠤ᠂ ᠵᠦᠪᠬᠡᠨ ᠭᠠᠷ ᠤᠲᠠᠰᠤ᠂ ᠺᠤᠮᠫᠢᠦ᠋ᠲᠧᠷ ᠵᠡᠷᠭᠡ ᠪᠠᠭ᠎ᠠ ᠬᠡᠯᠪᠡᠷᠢ ᠶᠢᠨ | ᠴᠠᠬᠢᠮ ᠪᠦᠲᠦᠭᠡᠭᠳᠡᠬᠦᠨ ᠤ ᠴᠠᠬᠢᠯᠭᠠᠨ ᠵᠠᠢ ᠪᠤᠯᠭᠠᠵᠤ ᠪᠤᠯᠳᠠᠭ ᠪᠤᠯᠪᠠᠴᠤ ᠴᠠᠬᠢᠯᠭᠠᠨ ᠭᠦᠳᠡᠯᠭᠡᠭᠦᠷᠳᠦ ᠮᠠᠰᠢᠨ ᠲᠡᠷᠭᠡᠨ ᠳᠤ ᠵᠣᠬᠢᠬᠤ ᠦᠭᠡᠢ ᠪᠠᠶᠢᠵᠠᠢ᠃ | 2002 ᠣᠨ ᠳᠤ ᠴᠢᠯᠠᠭᠤ ᠰᠤᠳᠤᠯᠭᠠᠨ ᠤ ᠳᠤᠭᠤᠶᠢᠯᠠᠩ ᠢᠶᠠᠨ ᠳᠠᠭᠠᠭᠤᠯᠵᠤ᠂ ᠮᠠᠩᠭᠠᠨ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ | ᠰᠢᠪᠲᠤᠯᠤᠯᠲᠠ ᠪᠠᠨ ᠡᠬᠢᠯᠡᠭᠦᠯᠦᠭᠰᠡᠨ ᠪᠠᠶᠢᠨ᠎ᠠ᠃ ᠡᠴᠦᠰ ᠲᠡᠭᠡᠨ᠂ 2003 ᠣᠨ ᠳᠤ ᠤᠯᠤᠰ ᠤᠨ ᠳᠣᠲᠣᠭᠠᠳᠤ ᠶᠢᠨ ᠤᠤᠭᠠᠨ ᠮᠠᠩᠭᠠᠨ ᠬᠦᠴᠢᠯ ᠤᠨ ᠯᠢᠲ᠋ᠢ ᠶᠢᠨ | ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠶᠡᠭᠡ ᠬᠡᠮᠵᠢᠶᠡᠨ ᠤ ᠲᠣᠭᠲᠠᠪᠤᠷᠢᠲᠤ ᠴᠠᠬᠢᠯᠭᠠᠨ ᠬᠠᠳᠠᠭᠠᠯᠠᠵᠤ ᠲᠡᠶᠢᠯᠬᠦ ᠴᠢᠳᠠᠪᠬᠢ ᠲᠠᠢ ᠤᠬᠢ ᠰᠠᠶᠢᠨ ᠮᠠᠩᠭᠠᠨ | ᠬᠦᠴᠢᠯ ᠤᠨ ᠯᠢᠲ᠋ᠢ ᠶᠢᠨ ᠦᠢᠯᠡᠳᠬᠦᠨ ᠢ ᠵᠠᠬ᠎ᠠ ᠳᠡᠯᠭᠡᠭᠦᠷ ᠲᠤ ᠪᠣᠷᠣᠯᠠᠭᠤᠯᠤᠭᠰᠠᠨ ᠪᠠᠶᠢᠨ᠎ᠠ᠃ ᠮᠥᠨ ᠲᠤᠰ ᠵᠢᠯ ᠳᠤ᠂ ᠥᠪᠡᠷ ᠤᠨ ᠦᠢᠯᠡᠳᠪᠦᠷᠢᠯᠡᠭᠰᠡᠨ ᠮᠠᠩᠭᠠᠨ | ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠢᠶᠠᠨ ᠠᠰᠢᠭᠯᠠᠵᠤ᠂ ᠤᠯᠤᠰ ᠤᠨ ᠳᠣᠲᠣᠭᠠᠳᠤ ᠳᠤ ᠡᠩ ᠲᠡᠷᠢᠭᠦᠨ ᠳᠤ ᠶᠡᠭᠡ | ᠪᠠᠭᠲᠠᠭᠠᠮᠵᠢ ᠲᠠᠢ ᠬᠥᠳᠡᠯᠭᠡᠭᠦᠷ ᠴᠠᠬᠢᠯᠭᠠᠨ ᠵᠠᠢ ᠶᠢ ᠡᠭᠦᠳᠦᠨ ᠪᠦᠲᠦᠭᠡᠵᠦ᠂ ᠮᠠᠨ ᠤ ᠤᠯᠤᠰ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠥᠭᠵᠢᠯᠲᠡ ᠶᠢ | ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠭᠰᠠᠨ ᠡᠨᠧᠷᠬᠢ ᠬᠠᠳᠠᠭᠠᠯᠠᠬᠤ ᠯᠢᠲ᠋ᠢ ᠶᠢᠨ ᠴᠠᠬᠢᠯᠭᠠᠨ ᠵᠠᠢ ᠶᠢᠨ ᠮᠡᠷᠭᠡᠵᠢᠯ ᠤᠨ ᠴᠢᠬᠤᠯᠠ ᠰᠢᠪᠲᠤᠯᠤᠯᠲᠠ ᠶᠢ | ᠪᠡᠶᠡᠯᠡᠭᠦᠯᠵᠡᠢ᠃ ᠡᠭᠦᠪᠡᠷ ᠪᠦᠬᠦ ᠳᠡᠯᠡᠬᠡᠢ ᠶᠢᠨ ︽ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ︾ ᠬᠠᠨᠳᠤᠰᠢ ᠳᠤ ᠨᠡᠶᠢᠴᠡᠭᠰᠡᠨ ᠰᠢᠨ᠎ᠡ | ᠮᠠᠶ᠋ᠢᠭ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠮᠠᠯᠴᠢᠨ ᠠᠶᠢᠯ ᠢ ᠬᠡᠷᠡᠯᠳᠦᠭᠦᠯᠦᠭᠰᠡᠨ ︽ᠪᠢᠴᠢᠯ ᠴᠠᠬᠢᠯᠭᠠᠨ | ᠦᠷᠳᠡᠭᠡ︾ ᠲᠠᠯ᠎ᠠ ᠨᠤᠲᠤᠭ ᠡᠬᠡ ᠣᠷᠣᠨ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠡᠪᠦᠷᠯᠡᠭᠰᠡᠭᠡᠷ ᠢᠷᠡᠭᠰᠡᠨ ᠴᠢᠯᠠᠭᠤ ᠫᠷᠤᠹᠧᠰᠰᠤᠷ ᠢᠮᠠᠭᠲᠠ ᠲᠠᠯ᠎ᠠ | ᠨᠤᠲᠤᠭ ᠤᠨ ᠠᠷᠠᠳ ᠲᠦᠮᠡᠨ ᠤ ᠪᠠᠨ ᠠᠮᠢᠳᠤᠷᠠᠯ ᠳᠤ ᠠᠩᠬᠠᠷᠤᠯ ᠢᠶᠠᠨ ᠬᠠᠨᠳᠤᠭᠤᠯᠤᠭᠰᠠᠭᠠᠷ ᠢᠷᠡᠭᠰᠡᠨ ᠶᠤᠮ᠃ | 2001 ᠣᠨ ᠪᠠ 2004 ᠣᠨ ᠳᠤ᠂ ᠲᠡᠷᠡ ᠨᠤᠲᠤᠭ ᠤᠨ ᠢᠶᠠᠨ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠶᠢᠨ ᠲᠥᠯᠥᠭᠡ ᠥᠪᠡᠷ ᠤᠨ ᠰᠤᠳᠤᠯᠭᠠᠨ ᠤ ᠱᠠᠩᠨᠠᠯ ᠤᠨ ᠮᠥᠩᠭᠦ ᠪᠠᠨ ᠪᠦᠬᠦᠨ ᠢ ᠨᠢ ᠬᠠᠨᠳᠢᠪᠯᠡᠭ᠌ᠰᠠᠨ ᠪᠥᠭᠡᠳ ᠪᠡᠭᠡᠵᠢᠩ ᠳᠠᠬᠢ | ᠮᠣᠩᠭᠤᠯᠴᠤᠳ ᠤᠨ ᠨᠤᠲᠤᠭ ᠨᠢᠭᠡᠲᠡᠨ ᠤ ᠨᠡᠶᠢᠭᠡᠮᠯᠢᠭ ᠢ ᠰᠠᠨᠠᠭᠠᠴᠢᠯᠠᠨ ᠪᠠᠶᠢᠭᠤᠯᠵᠤ᠂ ᠮᠣᠳᠣ ᠲᠠᠷᠢᠬᠤ᠂ ᠰᠤᠷᠤᠯᠭ᠎ᠠ ᠶᠢ ᠲᠡᠳᠬᠦᠬᠦ ᠵᠡᠷᠭᠡ ᠤᠯᠠᠨ ᠠᠵᠢᠯᠯᠠᠭ᠎ᠠ | ᠥᠷᠨᠢᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠲᠡᠷᠡ ᠪᠠᠰᠠ ᠪᠡᠭᠡᠵᠢᠩ ᠤᠨ ᠵᠦᠩ ᠭᠤᠸᠠᠨ ᠼᠦᠨ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠪᠠ ᠴᠢᠳᠠᠪᠤᠷᠢᠲᠠᠨ ᠢ ᠵᠣᠬᠢᠶᠠᠨ ᠪᠠᠶᠢᠭᠤᠯᠵᠤ ᠥᠪᠥᠷ ᠮᠣᠩᠭᠤᠯ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠯᠭᠡᠵᠦ᠂ ᠮᠠᠨ ᠤ ᠣᠷᠣᠨ ᠤ | ᠴᠢᠳᠠᠪᠤᠷᠢᠲᠠᠨ ᠢ ᠬᠥᠮᠥᠵᠢᠭᠦᠯᠬᠦ ᠪᠠ ᠮᠡᠷᠭᠡᠵᠢᠯ ᠤᠨ ᠲᠠᠪᠰᠢᠯᠳᠡ ᠶᠢ ᠠᠬᠢᠭᠤᠯᠤᠭᠰᠠᠨ ᠪᠠᠶᠢᠨ᠎ᠠ᠃ ᠣᠳᠣᠬᠠᠨ ᠪᠤᠯᠳᠠᠯ᠎ᠠ ᠮᠠᠨ ᠤ ᠤᠯᠤᠰ ᠤᠨ ᠬᠢᠯᠢ ᠬᠢᠵᠠᠭᠠᠷ | ᠣᠷᠣᠨ ᠳᠤ ᠴᠠᠬᠢᠯᠭᠠᠨ ᠨᠡᠪᠲᠡᠷᠡᠭᠡᠳᠦᠢ ᠪᠤᠶᠤ ᠴᠠᠬᠢᠯᠭᠠᠨ ᠤ ᠬᠠᠩᠭᠠᠯᠲᠠ ᠭᠦᠢᠴᠡᠳ ᠦᠭᠡᠢ ᠪᠠᠶᠢᠵᠤ᠂ ᠭᠠᠵᠠᠷ ᠣᠷᠣᠨ ᠤ ᠬᠥᠭᠵᠢᠯᠲᠡ ᠪᠠ ᠠᠷᠠᠳ ᠤᠨ | ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢ ᠬᠢᠵᠠᠭᠠᠷᠯᠠᠵᠤ ᠪᠤᠢ᠃ ᠬᠡᠷᠪᠡ ᠡᠳᠡᠭᠡᠷ ᠭᠠᠵᠠᠷ ᠣᠷᠣᠨ ᠳᠤ ᠴᠠᠬᠢᠯᠭᠠᠨ ᠲᠣᠣᠷ ᠲᠠᠲᠠᠬᠤ ᠳᠤ ᠬᠦᠷᠪᠡᠯ ᠤᠯᠠᠨ | ᠮᠡᠷᠭᠡᠵᠢᠯ ᠤᠨ ᠲᠠᠯ᠎ᠠ ᠶᠢᠨ ᠬᠦᠴᠢᠷᠳᠡᠯ ᠲᠠᠢ ᠮᠥᠷᠲᠡᠭᠡᠨ ᠥᠪᠡᠷ ᠤᠨ ᠦᠷᠳᠡᠭ ᠨᠢ ᠭᠡᠳᠦ ᠥᠨᠳᠥᠷ ᠪᠠᠶᠢᠳᠠᠭ᠂ ᠨᠢᠭᠡ ᠺᠢᠯᠣᠮᠧᠲᠷ ᠤᠨ ᠴᠠᠬᠢᠯᠭᠠᠨ ᠲᠣᠣᠷ | ᠲᠠᠲᠠᠬᠤ ᠳᠤ ᠪᠠᠷᠤᠭ ᠠᠷᠪᠠᠨ ᠲᠦᠮᠡᠨ ᠲᠥᠭᠦᠷᠢᠭ ᠰᠢᠬᠠᠮ ᠪᠡᠯᠡ ᠤᠷᠤᠭᠤᠯᠬᠤ ᠬᠡᠷᠡᠭᠲᠡᠢ᠃ ᠡᠶᠢᠮᠦ ᠠᠴᠠ ᠡᠳᠡᠭᠡᠷ ᠭᠠᠵᠠᠷ ᠣᠷᠣᠨ ᠤ ᠴᠠᠬᠢᠯᠭᠠᠨ ᠤ | ᠬᠠᠩᠭᠠᠯᠲᠠ ᠶᠢᠨ ᠪᠠᠶᠢᠳᠠᠯ ᠢ ᠬᠡᠷᠬᠢᠨ ᠰᠠᠶᠢᠵᠢᠷᠠᠭᠤᠯᠬᠤ ᠨᠢ ᠲᠤᠯᠭᠠᠮ᠎ᠠ ᠴᠢᠬᠤᠯᠠ ᠠᠰᠠᠭᠤᠳᠠᠯ ᠪᠣᠯᠤᠭᠰᠠᠨ ᠪᠠᠶᠢᠨ᠎ᠠ᠃ | 2011 ᠣᠨ ᠠᠴᠠ ᠨᠠᠰᠢ᠂ ᠴᠢᠯᠠᠭᠤ ᠫᠷᠤᠹᠧᠰᠰᠤᠷ ᠰᠢᠨ᠎ᠡ ᠠᠷᠭ᠎ᠠ ᠵᠠᠮ ᠰᠦᠪᠡᠭᠴᠢᠯᠡᠵᠦ᠂ ᠮᠠᠯᠴᠢᠨ ᠠᠷᠠᠳ ᠤᠨ ᠠᠮᠢᠳᠤᠷᠠᠯ ᠳᠤ ᠭᠡᠷᠡᠯ ᠪᠠ ᠢᠯᠴᠢ | ᠬᠦᠷᠭᠡᠬᠦ ᠪᠠᠷ ᠵᠣᠷᠢᠵᠤ᠂ ︽ᠪᠢᠴᠢᠯ ᠴᠠᠬᠢᠯᠭᠠᠨ ᠦᠷᠳᠡᠭᠡ︾ ᠭᠡᠬᠦ ᠣᠶᠤᠨᠴᠢ ᠰᠢᠰᠲᠧᠮ ᠤᠨ ᠪᠦᠲᠦᠭᠡᠨ ᠪᠠᠶᠢᠭᠤᠯᠤᠯᠲᠠ ᠳᠤ ᠤᠶᠤᠨ ᠴᠢᠳᠠᠯ ᠢᠶᠠᠨ ᠰᠢᠪᠬᠠᠭᠰᠠᠨ | ᠪᠠᠶᠢᠨ᠎ᠠ᠃ ᠴᠢᠯᠠᠭᠤ ᠫᠷᠤᠹᠧᠰᠰᠤᠷ ᠪᠠ ᠲᠡᠭᠦᠨ ᠤ ᠰᠤᠳᠤᠯᠭᠠᠨ ᠤ ᠳᠤᠭᠤᠶᠢᠯᠠᠩ ᠨᠢ ᠬᠤᠶᠠᠷ ᠵᠢᠯ ᠰᠢᠬᠠᠮ ᠤᠨ ᠲᠦᠯᠦᠪᠯᠡᠯᠭᠡ ᠪᠠ ᠲᠤᠷᠰᠢᠯᠲᠠ ᠪᠠᠷ ᠲᠠᠮᠵᠢᠨ᠂ | ᠡᠴᠦᠰ ᠲᠡᠭᠡᠨ 2013 ᠣᠨ ᠳᠤ ᠠᠩᠬᠠᠨ ᠤ ᠨᠢᠭᠡ ᠪᠦᠯᠦᠭ ᠪᠢᠴᠢᠯ ᠴᠠᠬᠢᠯᠭᠠᠨ ᠦᠷᠳᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃ | ᠪᠢᠴᠢᠯ ᠴᠠᠬᠢᠯᠭᠠᠨ ᠦᠷᠳᠡᠭᠡ ᠨᠢ ᠴᠢᠯᠠᠭᠤ ᠫᠷᠤᠹᠧᠰᠰᠤᠷ ᠤᠨ ︽ᠠᠷᠢᠭᠤᠨ ᠴᠡᠪᠡᠷ᠂ ᠲᠦᠬᠦᠮ ᠳᠥᠲᠡ᠂ ᠥᠨᠳᠥᠷ ᠠᠰᠢᠭᠯᠠᠮᠵᠢᠲᠠᠢ᠂ ᠣᠶᠤᠨᠴᠢ ᠴᠢᠳᠠᠪᠬᠢ ᠲᠠᠢ︾ | ᠵᠡᠷᠭᠡ ᠰᠢᠨ᠎ᠡ ᠶᠢ ᠡᠭᠦᠳᠬᠦ ᠰᠡᠳᠬᠢᠴᠡ ᠶᠢ ᠢᠯᠡᠷᠡᠭᠦᠯᠵᠦ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠨᠧᠷᠬᠢ ᠵᠢᠱᠢᠶᠡᠯᠡᠪᠡᠯ᠂ ᠨᠠᠷᠠᠨ ᠤ ᠡᠨᠧᠷᠬᠢ᠂ ᠰᠠᠯᠬᠢᠨ ᠡᠨᠧᠷᠬᠢ | ᠵᠡᠷᠭᠡ ᠴᠡᠪᠡᠷ ᠡᠨᠧᠷᠬᠢ ᠶᠢ ᠬᠠᠳᠠᠭᠠᠯᠠᠨ ᠠᠰᠢᠭᠯᠠᠵᠤ᠂ ᠠᠳᠠᠯᠢ ᠪᠤᠰᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠨᠢᠭᠡ | ᠺᠢᠯᠦᠸᠤᠯᠲ ᠤᠨ ᠪᠢᠴᠢᠯ ᠴᠠᠬᠢᠯᠭᠠᠨ ᠦᠷᠳᠡᠭᠡ ᠨᠢ ᠦᠨᠳᠦᠰᠦᠨ ᠳᠡᠭᠡᠨ ᠨᠢᠭᠡ ᠮᠠᠯᠴᠢᠨ ᠠᠶᠢᠯ ᠤᠨ ᠭᠡᠷᠡᠯᠲᠦᠭᠦᠯᠭᠡ᠂ ᠲᠧᠯᠸᠢᠰ ᠦᠵᠡᠬᠦ ᠵᠡᠷᠭᠡ ᠡᠳᠦᠷ ᠲᠤᠳᠤᠮ ᠤᠨ | ᠬᠡᠷᠡᠭᠴᠡᠭᠡ ᠶᠢ ᠬᠠᠩᠭᠠᠵᠤ ᠲᠡᠶᠢᠯᠵᠦ᠂ ᠲᠠᠪᠤᠨ ᠺᠢᠯᠦᠸᠤᠯᠲ ᠤᠨ ᠪᠢᠴᠢᠯ ᠴᠠᠬᠢᠯᠭᠠᠨ ᠦᠷᠳᠡᠭᠡ ᠨᠢ ᠨᠢᠭᠡ ᠡᠷᠦᠭᠡ ᠶᠢᠨ ᠪᠣᠷᠳᠤᠭ᠎ᠠ ᠬᠡᠮᠬᠡᠯᠡᠬᠦ ᠮᠠᠰᠢᠨ᠂ ᠤᠰᠤ ᠲᠠᠲᠠᠬᠤ | ᠮᠠᠰᠢᠨ ᠵᠡᠷᠭᠡ ᠦᠢᠯᠡᠳᠪᠦᠷᠢᠯᠡᠯ ᠤᠨ ᠬᠡᠷᠡᠭᠰᠡᠯ ᠳᠤ ᠴᠠᠬᠢᠯᠭᠠᠨ ᠬᠠᠩᠭᠠᠵᠤ ᠳᠡᠶᠢᠯᠳᠡᠭ᠃ ᠡᠳᠡᠭᠡᠷ ᠪᠢᠴᠢᠯ ᠴᠠᠬᠢᠯᠭᠠᠨ ᠤ ᠦᠷᠳᠡᠭᠡ ᠨᠢ ᠪᠠᠶᠢᠭᠠᠯᠢ ᠶᠢᠨ ᠡᠨᠧᠷᠬᠢ ᠶᠢ | ᠠᠰᠢᠭᠯᠠᠵᠤ ᠮᠠᠯᠴᠢᠳ ᠤᠨ ᠠᠮᠢᠳᠤᠷᠠᠯ ᠪᠠ ᠦᠢᠯᠡᠳᠪᠦᠷᠢᠯᠡᠯ ᠳᠠᠬᠢ ᠴᠠᠬᠢᠯᠭᠠᠨ ᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠴᠠᠬᠢᠯᠭᠠᠨ ᠳᠤᠲᠠᠭᠳᠠᠬᠤ | ᠪᠠᠶᠢᠳᠠᠯ ᠢ ᠵᠣᠬᠢᠬᠤ ᠬᠡᠮᠵᠢᠶᠡᠨ ᠳᠤ ᠰᠠᠶᠢᠵᠢᠷᠠᠭᠤᠯᠤᠭᠰᠠᠨ ᠮᠥᠷᠲᠡᠭᠡᠨ ᠣᠷᠴᠢᠨ ᠲᠣᠭᠤᠷᠢᠨ ᠳᠤ ᠪᠣᠬᠢᠷᠳᠤᠯ ᠦᠭᠡᠢ ᠰᠢᠨ᠎ᠡ ᠡᠨᠧᠷᠬᠢ ᠶᠢᠨ ᠦᠢᠯᠡᠳᠬᠦᠨ ᠤ ᠪᠣᠳᠠᠲᠤ | ᠵᠢᠱᠢᠶ᠎ᠡ ᠪᠣᠯᠵᠠᠢ᠃ | ᠴᠢᠯᠠᠭᠤ ᠫᠷᠤᠹᠧᠰᠰᠤᠷ᠄ ︽ᠪᠢᠳᠠ ᠣᠳᠣᠬᠠᠨ ᠳᠤ ᠨᠢᠭᠡ ᠠᠶᠢᠯ ᠨᠢᠭᠡ ᠡᠷᠦᠭᠡ ᠶᠢᠨ ᠴᠠᠬᠢᠯᠭᠠᠨ ᠤ ᠬᠡᠷᠡᠭᠴᠡᠭᠡ ᠶᠢ ᠬᠠᠩᠭᠠᠵᠤ ᠴᠢᠳᠠᠭᠰᠠᠨ᠂ ᠲᠠᠷᠠᠭᠠᠴᠢ ᠪᠠᠷ | ᠪᠦᠬᠦ ᠳᠡᠯᠡᠬᠡᠢ ᠶᠢᠨ ᠴᠠᠬᠢᠯᠭᠠᠨ ᠡᠨᠧᠷᠬᠢ ᠬᠠᠳᠠᠭᠠᠯᠠᠭᠳᠠᠬᠤ ᠠᠰᠠᠭᠤᠳᠠᠯ ᠳᠤ ᠴᠢᠭᠯᠡᠭᠦᠯᠵᠦ ᠰᠤᠳᠤᠯᠭᠠᠨ ᠢᠶᠠᠨ ᠦᠷᠭᠦᠯᠵᠢᠯᠡᠭᠦᠯᠦᠨ᠎ᠡ᠂ ᠡᠭᠦᠨ ᠤ ᠤᠯᠠᠮ ᠠᠴᠠ ᠪᠦᠬᠦ | ᠳᠡᠯᠡᠬᠡᠢ ᠶᠢᠨ ᠡᠨᠧᠷᠬᠢ ᠶᠢᠨ ᠠᠰᠠᠭᠤᠳᠠᠯ᠂ ᠣᠷᠴᠢᠨ ᠲᠣᠭᠤᠷᠢᠨ ᠤ ᠠᠰᠠᠭᠤᠳᠠᠯ᠂ ᠡᠬᠢ ᠪᠠᠶᠠᠯᠢᠭ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ︾ | ᠭᠡᠵᠦ ᠬᠤᠶᠢᠰᠢᠳᠠ ᠶᠢᠨ ᠲᠥᠰᠥᠪ ᠲᠥᠯᠥᠪᠯᠡᠭᠡ ᠪᠠᠨ ᠶᠠᠷᠢᠵᠤ ᠪᠠᠶᠢᠯ᠎ᠠ᠃ ᠰᠢᠷᠭᠠᠭᠤ ᠬᠠᠲᠠᠭᠤᠵᠢᠯᠲᠠᠢ ᠡᠭᠦᠳᠦᠨ ᠪᠦᠲᠦᠭᠡᠯᠲᠡ ᠶᠢᠨ ᠵᠠᠮ ᠴᠢᠯᠠᠭᠤ ᠫᠷᠤᠹᠧᠰᠰᠤᠷ | ᠬᠢᠭᠡᠳ ᠲᠡᠭᠦᠨ ᠤ ᠰᠤᠳᠤᠯᠭᠠᠨ ᠤ ᠳᠤᠭᠤᠶᠢᠯᠠᠩ 2008 ᠣᠨ ᠤ ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ᠂ 2010 ᠣᠨ ᠤ ᠱᠠᠩᠬᠠᠢ ᠶᠢᠨ | ᠳᠡᠯᠡᠬᠡᠢ ᠶᠢᠨ ᠦᠵᠡᠰᠭᠦᠯᠡᠩ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠥᠳᠡᠯᠭᠡᠭᠴᠢ ᠬᠦᠴᠦᠨ ᠤ ᠴᠠᠬᠢᠯᠭᠠᠨ ᠵᠠᠢ ᠶᠢᠨ ᠲᠥᠰᠥᠯ ᠢ | ᠬᠠᠷᠢᠭᠤᠴᠠᠨ ᠭᠦᠢᠴᠡᠳᠬᠡᠵᠡᠢ᠃ | ᠲᠡᠷᠨ ᠪᠠᠰᠠ ᠤᠯᠤᠰ ᠤᠨ ︽ᠠᠷᠪᠠᠨ ᠨᠢᠭᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ 863 863ᠴᠠᠬᠢᠯᠭᠠᠨ ᠬᠦᠳᠡᠯᠭᠡᠭᠦᠷᠲᠣ ᠮᠠᠰᠢᠨ | ᠲᠡᠷᠭᠡᠨ ᠤ ᠬᠥᠳᠡᠯᠭᠡᠭᠴᠢ ᠬᠦᠴᠦᠨ ᠤ ᠯᠢᠲ᠋ᠢ ᠶᠢᠨ ᠴᠠᠬᠢᠯᠭᠠᠨ ᠵᠠᠢ ᠶᠢᠨ ᠲᠥᠰᠥᠯ ᠢ ᠬᠠᠷᠢᠭᠤᠴᠠᠭᠰᠠᠨ ᠪᠥᠭᠡᠳ ᠰᠤᠳᠤᠯᠭᠠᠨ ᠤ ᠦᠷ᠎ᠡ ᠪᠦᠳᠦᠮᠵᠢ ᠨᠢ ᠤᠯᠤᠰ | ᠣᠷᠣᠨ ᠳᠡᠯᠡᠬᠡᠢ ᠨᠡᠶᠢᠳᠡ ᠶᠢᠨ ᠥᠨᠳᠥᠷ ᠦᠨᠡᠯᠡᠯᠲᠡ ᠶᠢ ᠣᠯᠣᠭᠰᠠᠭᠠᠷ ᠢᠷᠡᠵᠡᠢ᠃ 2016 ᠣᠨ ᠤ 10 ᠰᠠᠷ᠎ᠠ ᠶᠢᠨ 18 ᠤ ᠣᠷᠣᠢ᠂ ᠡᠺᠦ᠋ᠸᠠᠳᠣᠷ | ᠤᠯᠤᠰ ᠤᠨ ᠨᠡᠶᠢᠰᠯᠡᠯ ᠺᠢᠲ᠋ᠣ᠋ ᠬᠤᠲᠠ ᠳᠤ ᠶᠠᠪᠤᠭᠳᠠᠭᠰᠠᠨ ︽ᠦᠷᠬᠦᠯᠵᠢᠯᠡᠨ ᠬᠥᠭᠵᠢᠬᠦ ᠬᠤᠲᠠ ᠨᠤᠭᠤᠳ ᠬᠢᠭᠡᠳ ᠬᠥᠮᠥᠨ ᠲᠥᠷᠥᠯᠬᠢᠲᠡᠨ ᠣᠷᠣᠰᠢᠨ ᠠᠮᠢᠳᠤᠷᠠᠬᠤ | ᠪᠠᠶᠢᠭᠠᠯᠢ ᠣᠷᠴᠢᠨ ᠤ ᠱᠠᠩᠨᠠᠯ ︾ ᠭᠠᠷᠳᠠᠭᠤᠯᠬᠤ ᠶᠣᠰᠣᠯᠠᠯ ᠳᠡᠭᠡᠷ᠎ᠡ᠂ ᠴᠢᠯᠠᠭᠤ ᠫᠷᠤᠹᠧᠰᠰᠤᠷ ᠯᠢᠲ᠋ᠢ ᠶᠢᠨ ᠴᠠᠬᠢᠯᠭᠠᠨ ᠵᠠᠢ ᠶᠢᠨ ᠰᠤᠳᠤᠯᠤᠯ ᠢᠶᠠᠷ ᠢᠶᠠᠨ ᠪᠣᠬᠢᠷᠳᠤᠯ | ᠦᠭᠡᠢ ᠰᠢᠨ᠎ᠡ ᠡᠨᠧᠷᠬᠢ ᠶᠢᠨ ᠬᠦᠷᠢᠶᠡᠨ ᠳᠤ ᠦᠵᠡᠭᠦᠯᠦᠭᠰᠡᠨ ᠬᠤᠪᠢ ᠨᠡᠮᠡᠷᠢ ᠪᠠᠷ ᠢᠶᠠᠨ ︽ᠪᠥᠮᠪᠥᠷᠴᠡᠭ ᠤᠨ ᠬᠥᠮᠥᠨ ᠲᠥᠷᠥᠯᠬᠢᠲᠡᠨ ᠣᠷᠣᠰᠢᠨ ᠠᠮᠢᠳᠤᠷᠠᠬᠤ | ᠪᠠᠶᠢᠭᠠᠯᠢ ᠣᠷᠴᠢᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠲᠤᠰᠴᠠᠢ᠃ ︽ᠯᠢᠲ᠋ᠢ ᠶᠢᠨ ᠴᠠᠬᠢᠯᠭᠠᠨ ᠵᠠᠢ ᠳᠤ ᠮᠥᠨ ᠴᠥᠭᠡᠨ ᠪᠤᠰᠤ | ᠠᠰᠠᠭᠤᠳᠠᠯ ᠣᠷᠣᠰᠢᠵᠤ ᠪᠤᠢ᠂ ᠡᠨᠡ ᠪᠣᠯ ᠳᠡᠯᠡᠬᠡᠢ ᠶᠢᠨ ᠴᠢᠨᠠᠷᠲᠠᠢ ᠬᠦᠴᠢᠷ ᠠᠰᠠᠭᠤᠳᠠᠯ ᠮᠥᠨ᠃ ᠬᠡᠳᠦᠶᠢᠪᠡᠷ ᠵᠠᠮ ᠬᠤᠯᠠ ᠬᠠᠷᠰᠢ ᠰᠠᠭᠠᠳ ᠤᠯᠠᠨ ᠪᠤᠯᠪᠠᠴᠤ | ᠴᠠᠬᠢᠯᠭᠠᠨ ᠬᠦᠳᠡᠯᠭᠡᠭᠦᠷᠳᠦ ᠲᠡᠷᠭᠡ ᠶᠢᠨ ᠠᠵᠤ ᠦᠢᠯᠡᠳᠪᠦᠷᠢᠯᠡᠯ ᠢ ᠬᠥᠭᠵᠢᠭᠦᠯᠬᠦ ᠨᠢ ᠮᠠᠨ ᠤ ᠤᠯᠤᠰ ᠲᠡᠷᠡᠴᠢᠯᠡᠨ ᠪᠦᠬᠦ ᠳᠡᠯᠡᠬᠡᠢ ᠶᠢᠨ ᠬᠠᠨᠳᠤᠰᠢ ᠮᠥᠨ᠃ ᠡᠨᠧᠷᠬᠢ | ᠠᠷᠪᠢᠯᠠᠬᠤ ᠪᠠ ᠰᠢᠨ᠎ᠡ ᠡᠨᠧᠷᠬᠢ ᠶᠢ ᠬᠥᠭᠵᠢᠭᠦᠯᠬᠦ ᠶᠡᠭᠡ ᠬᠥᠭᠵᠢᠯᠲᠡ ᠶᠢᠨ ᠴᠢᠭᠯᠡᠯᠲᠡ ᠨᠢ ᠮᠠᠨ ᠤ ᠦᠢᠯᠡᠰ ᠪᠦᠲᠦᠭᠡᠵᠦ ᠰᠢᠨ᠎ᠡ ᠶᠢ ᠡᠭᠦᠳᠬᠦ ᠶᠢᠨ ᠦᠨᠳᠦᠰᠦᠨ | ᠤᠷᠢᠳᠠᠯ ᠪᠣᠯᠣᠨ᠎ᠠ︾ ᠭᠡᠵᠦ ᠴᠢᠯᠠᠭᠤ ᠫᠷᠤᠹᠧᠰᠰᠤᠷ ᠬᠡᠯᠡᠵᠦ ᠪᠠᠶᠢᠯ᠎ᠠ᠃ | | | |