ᠬᠡᠯᠡ ᠪᠢᠴᠢᠭ ᠤᠨ ᠤᠬᠠᠭᠠᠨ ᠤ ᠳ᠋ᠣᠺᠲ᠋ᠣᠷ ᠡᠷᠳᠡᠨᠢᠪᠠᠶᠠᠷ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ | ᠰᠢᠪᠡᠭᠡᠲᠦ ᠭᠠᠴᠠᠭ᠎ᠠ ᠪᠠᠷ ᠨᠤᠲᠤᠭᠲᠠᠢ᠃ | 1970 ᠣᠨ ᠠᠴᠠ 1978 ᠣᠨ ᠬᠦᠷᠳᠡᠯ᠎ᠡ ᠪᠣᠭᠳᠠ ᠶᠢᠨ ᠭᠤᠣᠯ ᠰᠤᠮᠤᠨ ᠤ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ᠂ 1978 ᠣᠨ ᠤ 8 ᠰᠠᠷ᠎ᠠ ᠠᠴᠠ 1980 ᠣᠨ ᠤ 8 ᠰᠠᠷ᠎ᠠ ᠬᠦᠷᠳᠡᠯ᠎ᠡ ᠬᠦᠬᠡᠬᠤᠳᠡ ᠦᠨᠳᠦᠰᠦᠲᠡᠨ ᠤ ᠳᠡᠭᠡᠳᠦ | ᠰᠤᠷᠭᠠᠭᠤᠯᠢ ᠳᠤ ᠮᠣᠩᠭᠤᠯ ᠣᠷᠴᠢᠭᠤᠯᠭ᠎ᠠ ᠶᠢᠨ ᠲᠤᠰᠬᠠᠢ ᠮᠡᠷᠭᠡᠵᠢᠯ ᠢ ᠰᠤᠷᠤᠯᠴᠠᠨ ᠲᠡᠭᠦᠰᠬᠡᠵᠦ᠂ 1991 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭ᠍ᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠠᠴᠠ ᠰᠤᠷᠤᠯᠭ᠎ᠠ ᠲᠡᠭᠦᠰᠬᠡᠪᠡ᠃ | 1994 ᠣᠨ ᠤ 3 ᠰᠠᠷ᠎ᠠ ᠳᠤ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠩ ᠠᠴᠠ ᠭᠡᠯᠡ ᠪᠢᠴᠢᠭ ᠤᠨ | ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠪᠠ᠃ | 1980 ᠣᠨ ᠤ 8 ᠰᠠᠷ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠠᠵᠢᠯᠠᠯᠪᠠ᠃ | ᠤᠯᠠᠨ ᠤᠯᠤᠰ ᠤᠨ ᠣᠷᠴᠢᠭᠤᠯᠭ᠎ᠠ ᠶᠢᠨ ᠬᠤᠯᠪᠣᠭᠠᠨ ᠤ ᠲᠤᠰᠬᠠᠢ ᠮᠡᠷᠭᠡᠵᠢᠯᠲᠡᠨ᠂ ᠤᠯᠠᠨ ᠤᠯᠤᠰ ᠤᠨ ᠮᠣᠩᠭᠤᠯ ᠰᠤᠳᠤᠯᠤᠯ ᠤᠨ ᠨᠡᠶᠢᠭᠡᠮᠯᠢᠭ ᠤᠨ | ᠲᠤᠰᠬᠠᠢ ᠮᠡᠷᠭᠡᠵᠢᠯᠲᠡᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ | ᠪᠠᠶᠢᠭᠤᠯᠤᠯᠲᠠ ᠶᠢᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ | ᠲᠤᠰᠬᠠᠢ ᠮᠡᠷᠭᠡᠵᠢᠯ ᠤᠨ ᠴᠢᠳᠠᠪᠤᠷᠢᠲᠠᠨ ᠢᠶᠠᠷ ᠰᠣᠩᠭᠤᠭᠳᠠᠭᠰᠠᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠤᠷᠠᠯ︾ ᠤᠨ ᠪᠢᠴᠢᠭ ᠮᠠᠲ᠋ᠧᠷᠢᠶᠠᠯ ᠤᠨ ᠡᠴᠦᠰ ᠤᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ | ᠡᠯᠰᠡᠬᠦ ᠺᠣᠮᠢᠰ ᠤᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠴᠣᠯᠠ ᠬᠢᠨᠠᠨ ᠲᠤᠭᠳᠠᠭᠬᠤ ᠺᠣᠮᠢᠰ ᠤᠨ | ᠲᠤᠰᠬᠠᠢ ᠮᠡᠷᠭᠡᠵᠢᠯᠲᠡᠨ ᠵᠡᠷᠭᠡ ᠲᠤᠰᠢᠶᠠᠯ ᠢ ᠡᠭᠦᠷᠭᠡᠯᠡᠵᠦ ᠪᠤᠢ᠃ | ︽ᠣᠷᠴᠢᠭᠤᠯᠭ᠎ᠠ ᠶᠢᠨ ᠦᠨᠳᠦᠰᠦᠨ ᠤᠨᠤᠯ︾᠂ ︽ᠥᠷᠥᠨᠡᠳᠠᠬᠢᠨ ᠤ ᠣᠷᠴᠢᠭᠤᠯᠭ᠎ᠠ ᠶᠢᠨ ᠲᠣᠪᠴᠢ ᠲᠡᠦᠬᠡ︾᠂ ︽ᠳᠣᠲᠣᠭᠠᠳᠤ ᠭᠠᠳᠠᠭᠠᠳᠤ ᠶᠢᠨ | ᠣᠷᠴᠢᠭᠤᠯᠭ᠎ᠠ ᠶᠢᠨ ᠲᠣᠪᠴᠢ ᠲᠡᠦᠬᠡ︾᠂ ︽ᠤᠳᠤ ᠦᠶ᠎ᠡ ᠶᠢᠨ ᠭᠠᠳᠠᠭᠠᠳᠤ ᠶᠢᠨ ᠣᠷᠴᠢᠭᠤᠯᠭ᠎ᠠ ᠶᠢᠨ ᠤᠨᠤᠯ︾ ᠵᠡᠷᠭᠡ ᠠᠷᠪᠠᠭᠠᠳ ᠲᠤᠰᠬᠠᠢ ᠨᠣᠮ ᠲᠡᠭᠦᠪᠦᠷᠢ ᠲᠠᠢ᠃ | ︽ᠮᠣᠩᠭᠤᠯ ᠣᠷᠴᠢᠭᠤᠯᠭ᠎ᠠ ᠶᠢᠨ ᠲᠡᠦᠬᠡ ᠶᠢᠨ ᠲᠤᠬᠠᠢ ᠲᠣᠪᠴᠢ ᠥᠭᠦᠯᠡᠬᠦ ᠨᠢ︾ ︽ᠮᠠᠤ ᠽᠧ ᠳ᠋ᠦᠩ ᠤᠨ ᠰᠣᠩᠭᠤᠮᠠᠯ ᠵᠤᠬᠢᠶ᠋ᠯ ᠤᠨ ᠮᠣᠩᠭᠤᠯ ᠣᠷᠴᠢᠭᠤᠯᠭ᠎ᠠ ᠶᠢᠨ | ᠲᠤᠬᠠᠢ︾᠂ ︽ᠠᠯᠪᠠᠨ ᠪᠢᠴᠢᠭ ᠤᠨ ᠣᠷᠴᠢᠭᠤᠯᠭ᠎ᠠ ᠶᠢᠨ ᠲᠤᠬᠠᠢ︾ ᠵᠡᠷᠭᠡ ᠵᠠᠭᠤᠭᠠᠳ ᠥᠭᠦᠯᠡᠯ ᠵᠣᠬᠢᠶᠠᠯ ᠢᠶᠠᠨ ᠨᠡᠶᠢᠳᠡᠬᠦᠯᠦᠭᠰᠡᠨ ᠪᠤᠶᠤ ᠰᠤᠳᠤᠯᠤᠨ ᠶᠠᠷᠢᠯᠴᠠᠬᠤ | ᠬᠤᠷᠠᠯ ᠳᠤ ᠳᠡᠪᠰᠢᠭᠦᠯᠪᠡ᠃ ᠮᠣᠩᠭᠤᠯ ᠬᠡᠯᠡᠨ ᠤ ︽ᠲᠦᠷᠢᠮᠵᠢᠭᠦᠯᠦᠯᠳᠡ᠂ ᠪᠠᠷᠢᠮᠵᠢᠶᠠᠵᠢᠯᠳᠠ᠂ ᠵᠠᠩᠭᠢᠴᠢᠯᠠᠯᠲᠠ︾ ᠶᠢᠨ ᠰᠤᠳᠤᠯᠭᠠᠨ᠂ ᠮᠣᠩᠭᠤᠯ ᠦᠭᠡ ᠬᠡᠯᠡ | ᠦᠰᠦᠭ ᠪᠢᠴᠢᠭ ᠤᠨ ᠬᠡᠷᠡᠭᠯᠡᠭᠡᠨ ᠤ ᠰᠤᠳᠤᠯᠭᠠᠨ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠤᠳᠤᠯᠭᠠᠨ᠂ ᠮᠣᠩᠭᠤᠯ ᠬᠢᠲᠠᠳ ᠬᠡᠯᠡᠨ ᠤ ᠣᠷᠴᠢᠭᠤᠯᠭ᠎ᠠ ᠶᠢᠨ | ᠲᠤᠬᠠᠢ ᠰᠤᠳᠤᠯᠭ᠎ᠠ ᠵᠡᠷᠭᠡ ᠰᠤᠳᠤᠯᠭᠠᠨ ᠤ ᠴᠢᠭᠯᠡᠯ ᠢᠶᠠᠷ ᠠᠵᠢᠯᠯᠠᠵᠤ ᠪᠤᠢ᠃ | | | | |