ᠰᠦᠷᠦᠩᠵᠠᠪ ᠭᠤᠸᠠᠢ ᠪᠣᠯ ᠬᠥᠪᠡᠭᠡᠲᠦ ᠰᠢᠷ᠎ᠠ ᠬᠤᠰᠢᠭᠤ ᠪᠠᠷ ᠨᠤᠲᠤᠭᠲᠠᠢ᠂ ᠮᠣᠩᠭᠤᠯ ᠠᠨᠠᠭᠠᠬᠤ ᠤᠬᠠᠭᠠᠨ ᠤ ᠰᠠᠭᠤᠷᠢᠯᠠᠭᠴᠢ ᠪᠥᠭᠡᠳ ᠥᠪᠥᠷ | ᠮᠣᠩᠭᠤᠯ ᠤᠨ ᠮᠣᠩᠭᠤᠯ ᠠᠨᠠᠭᠠᠬᠤ ᠤᠬᠠᠭᠠᠨ ᠤ ᠠᠯᠳᠠᠷᠲᠤ ᠡᠷᠳᠡᠮᠲᠡᠨ᠂ ᠮᠦᠩᠭᠤᠯ ᠡᠮ ᠡᠮᠨᠡᠯᠭᠡ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠳᠬᠦᠯᠲᠡᠨ᠂ | ᠤᠯᠤᠰ ᠤᠨ ᠣᠲᠠᠴᠢ ᠫᠷᠤᠹᠧᠰᠰᠤᠷ᠃ ᠣᠯᠠᠨ ᠰᠢᠨ᠎ᠡ ᠡᠮ ᠤᠨ ᠵᠣᠷ ᠰᠤᠳᠤᠯᠤᠨ ᠭᠠᠷᠭᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠮᠨᠡᠨ ᠵᠠᠰᠠᠳᠠᠭ ᠢᠶᠠᠷ | ᠠᠯᠳᠠᠷᠰᠢᠵᠠᠢ᠃ | ᠲᠡᠷᠡ ᠪᠠᠷ ︽ᠮᠣᠩᠭᠤᠯ ᠠᠨᠠᠭᠠᠬᠤ ᠤᠬᠠᠭᠠᠨ ᠤ ᠤᠨᠤᠰᠢ ᠲᠠᠯᠪᠢᠬᠤ ᠰᠤᠳᠤᠯᠤᠯ︾᠂ ︽ᠮᠣᠩᠭᠤᠯ ᠠᠨᠠᠭᠠᠬᠤ ᠤᠬᠠᠭᠠᠨ ᠤ ᠡᠪᠡᠳᠴᠢᠨ ᠵᠠᠰᠠᠬᠤ ᠵᠠᠷᠴᠢᠮ ᠪᠠ | ᠵᠠᠰᠠᠬᠤ ᠠᠷᠭ᠎ᠠ︾ ᠵᠡᠷᠭᠡ ᠮᠣᠩᠭᠤᠯ ᠠᠨᠠᠭᠠᠬᠤ ᠤᠬᠠᠭᠠᠨ ᠤ ᠣᠯᠠᠨ ᠨᠣᠮ ᠪᠦᠲᠦᠭᠡᠯ ᠲᠠᠢ ᠪᠥᠭᠡᠳ ᠮᠣᠩᠭᠤᠯ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ | ᠠᠩᠬᠠᠳᠠᠭᠴᠢ ᠵᠢᠠᠭᠠᠬᠤ ᠮᠠᠲ᠋ᠧᠷᠢᠶᠠᠯ ᠢ ᠲᠤᠭᠤᠷᠪᠢᠬᠤ ᠳᠤ ᠵᠢᠳᠬᠦᠯ ᠦᠵᠡᠭᠦᠯᠵᠦ᠂ ︽ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠨᠡᠪᠲᠡᠷᠬᠡᠢ ᠲᠣᠯᠢ᠂ ᠮᠣᠩᠭᠤᠯ | ᠠᠨᠠᠭᠠᠬᠤ ᠤᠬᠠᠭᠠᠨ ᠤ ᠪᠣᠳᠢ︾ ᠶᠢᠨ ᠳᠡᠳ᠋ ᠭᠤᠣᠯᠯᠠᠨ ᠨᠠᠶᠢᠷᠠᠭᠤᠯᠤᠭᠴᠢ ᠶᠢᠨ ᠡᠭᠦᠷᠭᠡ ᠶᠢ ᠭᠦᠢᠴᠡᠳᠬᠡᠪᠡ᠃ | ᠲᠡᠷᠡ ᠪᠠᠷ 2006 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠷ ᠨᠣᠮ ᠴᠢᠳᠠᠪᠤᠷᠢᠲᠠᠨ ᠤ ᠱᠠᠩᠨᠠᠯ ᠢ ᠬᠦᠷᠲᠡᠵᠦ᠂ 2009 | ᠣᠨ ᠳᠤ ᠲᠦᠷᠦᠬᠦᠦ ᠪᠦᠯᠦᠭ ᠤᠯᠤᠰ ᠤᠨ 30 ︽ᠤᠯᠤᠰ ᠤᠨ ᠣᠲᠠᠴᠢ︾ ᠶᠢᠨ ᠨᠢᠭᠡ ᠪᠠᠷ ᠴᠣᠯᠠᠯᠠᠭᠳᠠᠨ᠂ 2011 ᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠠᠴᠠ ᠣᠯᠭᠤᠭᠰᠠᠨ ︽ᠮᠣᠩᠭᠤᠯ ᠡᠮ ᠡᠮᠨᠡᠯᠭᠡ ᠶᠢᠨ ᠨᠠᠰᠤᠨ ᠲᠤᠷᠰᠢᠲᠠ ᠶᠢᠨ ᠠᠮᠵᠢᠯᠲᠠ | ᠪᠦᠳᠦᠮᠵᠢ ᠶᠢᠨ ᠱᠠᠩᠨᠠᠯ︾ ᠢᠶᠠᠷ ᠡᠩᠭᠡᠷ ᠢᠶᠠᠨ ᠮᠢᠯᠢᠶᠠᠯᠭᠠᠵᠠᠢ᠃ | ᠬᠥᠪᠡᠭᠡᠲᠦ ᠰᠢᠷ᠎ᠠ ᠬᠤᠰᠢᠭᠤᠨ ᠤ ᠬᠠᠶ᠋ᠢᠩᠭᠢᠷᠸ᠎ᠠ ᠰᠦᠮ᠎ᠡ ᠶᠢᠨ ᠪᠠᠷᠠᠭᠤᠨ ᠡᠮᠦᠨ᠎ᠡ ᠪᠠᠶᠢᠷᠢᠰᠢᠵᠤ ᠪᠣᠢ᠃ ︽ᠬᠤᠩᠬ᠎ᠠ︾ ᠪᠤᠶᠠᠨ ᠢᠪᠡᠭᠡᠯᠲᠦ ᠮᠦᠽᠧᠢ ᠪᠣᠯ | 2006 ᠣᠨ ᠳᠤ ᠥᠪᠥᠷ ᠮᠣᠩᠭᠤᠯ ᠤᠨ ᠮᠣᠩᠭᠤᠯ ᠠᠨᠠᠭᠠᠬᠤ ᠤᠬᠠᠭᠠᠨ ᠤ ᠠᠯᠳᠠᠷᠲᠤ ᠡᠷᠳᠡᠮᠲᠡᠨ᠂ ᠮᠦᠩᠭᠤᠯ ᠡᠮ ᠡᠮᠨᠡᠯᠭᠡ ᠶᠢᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠵᠢᠳᠬᠦᠯᠲᠡᠨ᠂ ᠤᠯᠤᠰ ᠤᠨ ᠣᠲᠠᠴᠢ ᠫᠷᠤᠹᠧᠰᠰᠤᠷ ᠽᠤ᠊᠂ ᠰᠦᠷᠦᠩᠵᠠᠪ ᠭᠤᠸᠠᠢ ᠡᠬᠡ ᠨᠤᠲᠤᠭ ᠲᠤ ᠪᠠᠨ ᠪᠠᠶᠢᠭᠤᠯᠤᠭᠰᠠᠨ ᠬᠤᠪᠢ ᠶᠢᠨ ᠮᠦᠽᠧᠢ | ᠪᠤᠯᠬᠤ ᠶᠤᠮ᠃ ᠰᠦᠷᠦᠩᠵᠠᠪ ᠭᠤᠸᠠᠢ ᠶᠢᠨ ᠬᠠᠯᠠᠰᠢᠷᠠᠯ ᠦᠭᠡᠢ ᠴᠢᠷᠮᠠᠶᠢᠯᠭ᠎ᠠ ᠪᠠᠷ ᠲᠠᠮᠵᠢᠨ᠂ 2013 ᠣᠨ ᠤ 7 ᠰᠠᠷ᠎ᠠ ᠳᠤ ᠪᠤᠶᠠᠨ ᠢᠪᠡᠭᠡᠯᠲᠦ ᠮᠦᠽᠧᠢ ᠨᠢ | ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠳᠤ ᠵᠢᠩᠬᠢᠨᠢ ᠪᠠᠷ ᠳᠠᠩᠰᠠᠯᠠᠭᠤᠯᠤᠨ ᠲᠡᠮᠳᠡᠭᠯᠡᠭᠦᠯᠪᠡ᠃ | | | | |