ᠬᠢᠮᠢ ᠶᠢᠨ ᠤᠬᠠᠭᠠᠨ ᠤ ᠳ᠋ᠣᠺᠲ᠋ᠣᠷ ᠪᠣᠷᠵᠢᠭᠢᠨ ᠬᠡᠷᠡᠯᠳᠦ ᠬᠥᠪᠡᠭᠡᠲᠦ ᠰᠢᠷ᠎ᠠ ᠬᠤᠰᠢᠭᠤᠨ ᠤ ᠲᠥᠪ ᠰᠢᠨᠡᠪᠤᠯᠠᠭ ᠪᠠᠯᠭᠠᠰᠤᠨ ᠳᠤ ᠬᠥᠪᠡᠭᠡᠲᠦ ᠰᠢᠷ᠎ᠠ | ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ ᠪᠠᠶᠢᠭᠰᠠᠨ ᠠᠭᠰᠠᠨ ᠲᠡᠮᠦᠷᠪᠠᠷᠰ ᠤᠨ ᠭᠤᠷᠪᠠᠳᠤᠭᠠᠷ ᠬᠥᠪᠡᠭᠦᠨ ᠪᠣᠯᠣᠨ ᠵᠠᠶᠠᠭᠠᠵᠠᠢ᠃ | 1977 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠰᠢᠯᠭᠠᠭᠳᠠᠨ ᠣᠷᠣᠵᠤ᠂ 1987 ᠣᠨ ᠠᠴᠠ | 1999 ᠣᠨ ᠬᠦᠷᠲᠡᠯ᠎ᠡ ᠪᠡᠭᠡᠵᠢᠩ ᠶᠡᠭᠡ ᠰᠤᠷᠭᠠᠭᠤᠯᠢ᠂ ᠠᠩᠯᠢ ᠤᠯᠤᠰ ᠤᠨ lancster ᠶᠡᠭᠡ ᠰᠤᠷᠭᠠᠭᠤᠯᠢ ᠪᠣᠯᠣᠨ ᠶᠠᠫᠤᠨ ᠤ ᠲᠣᠣᠺᠢᠤ᠋ ᠶᠡᠭᠡ | ᠰᠤᠷᠭᠠᠭᠤᠯᠢ ᠳᠤ ᠰᠤᠷᠤᠯᠴᠠᠵᠤ᠂ ᠬᠢᠮᠢ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠮᠣᠩᠭᠤᠯ ᠡᠮ ᠬᠢᠮᠢ ᠰᠤᠳᠤᠯᠬᠤ ᠭᠠᠵᠠᠷ ᠪᠠ ᠥᠪᠥᠷ ᠮᠣᠩᠭᠤᠯ ᠤᠨ ᠮᠣᠩᠭᠤᠯ ᠡᠮ ᠬᠢᠮᠢ ᠰᠤᠳᠤᠯᠬᠤ ᠲᠥᠪ ᠤᠨ ᠡᠭᠦᠰᠬᠡᠨ ᠪᠠᠶᠢᠭᠤᠯᠤᠭᠴᠢ᠂ | ︽ᠮᠣᠩᠭᠤᠯ ᠲᠤᠯᠭᠠᠲᠠᠨ ᠤ ᠵᠠᠭᠤᠨ ᠡᠷᠬᠢᠮ︾ ᠤᠨ ᠨᠢᠭᠡᠨ ᠪᠢᠯᠡ᠃ ᠥᠪᠥᠷ ᠮᠣᠩᠭᠤᠯ ᠤᠨ ᠠᠩᠬᠠᠳᠠᠭᠴᠢ ︽ᠲᠠᠯ᠎ᠠ ᠨᠤᠲᠤᠭ ᠤᠨ ᠴᠢᠳᠠᠪᠤᠷᠢᠲᠠᠨ︾ ᠤ | ᠬᠤᠰᠢᠭᠤᠴᠢᠯᠠᠭᠴᠢ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠯᠴᠠᠬᠤ ᠡᠷᠳᠡᠮᠲᠡᠨ᠂ ᠥᠪᠥᠷ ᠮᠣᠩᠭᠤᠯ ᠤᠨ ᠮᠣᠩᠭᠤᠯ ᠡᠮ ᠬᠢᠮᠢ ᠰᠤᠳᠤᠯᠬᠤ ᠲᠡᠷᠢᠭᠦᠨ | ᠮᠡᠷᠭᠡᠵᠢᠯᠲᠡᠨ ᠪᠣᠯᠣᠨ᠎ᠠ᠃ | | | | |