ᠪᠠᠶᠢᠭᠠᠯᠢ ᠶᠢᠨ ᠤᠬᠠᠭᠠᠨ ᠤ ᠳ᠋ᠣᠺᠲ᠋ᠣᠷ ᠬᠠᠷᠠᠨᠤᠳ ᠴᠣᠭᠲᠤ
ᠨᠡᠶᠢᠲᠡᠯᠡᠭᠰᠡᠨ ᠴᠠᠭ᠄
2024/10/25
        ᠪᠠᠶᠢᠭᠠᠯᠢ ᠶᠢᠨ ᠤᠬᠠᠭᠠᠨ ᠤ ᠳ᠋ᠣᠺᠲ᠋ᠣᠷ ᠬᠠᠷᠠᠨᠤᠳ ᠣᠪᠣᠭᠲᠤ ᠴᠣᠭᠲᠤ ︵1959.1-︶ ᠥᠪᠥᠷ  ᠮᠣᠩᠭᠤᠯ ᠤᠨ ᠤᠤᠯ ᠤᠨ ᠬᠥᠪᠡᠭᠡᠲᠦ ᠰᠢᠷ᠎ᠠ  ᠬᠤᠰᠢᠭᠤᠨ ᠤ ᠵᠢᠷᠭᠤᠳᠤᠭᠠᠷ ᠰᠤᠮᠤ ᠶᠢᠨ ᠤᠤᠭᠠᠯ ᠬᠠᠷᠢᠶᠠᠲᠤ᠃  ᠬᠥᠪᠡᠭᠡᠲᠦ ᠰᠢᠷ᠎ᠠ ᠬᠤᠰᠢᠭᠤᠨ ᠤ ᠤᠤᠯ ᠤᠨ ᠬᠤᠰᠢᠭᠤ ᠠᠮᠪᠠᠨ᠂ ᠬᠠᠷᠠᠨᠤᠳ ᠣᠪᠣᠭᠲᠤ  ᠢᠳᠠᠮᠵᠠᠪ ᠤᠨ ᠮᠥᠭᠳᠡᠨᠪᠦᠦ  ᠭᠤᠸᠠᠢ ᠪᠣᠯ ᠲᠡᠭᠦᠨ ᠤ ᠡᠪᠦᠭᠡ ᠨᠢ ᠪᠠᠶᠢᠵᠤ᠂ ᠥᠪᠥᠷ ᠮᠣᠩᠭᠤᠯ ᠤᠨ ︽ᠮᠣᠩᠭᠤᠯ ᠡᠮ ᠡᠮᠨᠡᠯᠭᠡ︾ ᠰᠡᠳᠬᠦᠯ ᠢ  ᠡᠭᠦᠰᠬᠡᠨ ᠪᠠᠶᠢᠭᠤᠯᠵᠤ᠂  ᠶᠡᠷᠦᠩᠬᠡᠢ ᠨᠠᠶᠢᠷᠠᠭᠤᠯᠤᠭᠴᠢ ᠪᠠᠷ ᠠᠵᠢᠯᠯᠠᠵᠤ ᠪᠠᠶᠢᠭᠰᠠᠨ ᠬᠠᠷᠠᠨᠤᠳ ᠣᠪᠣᠭᠲᠤ  ᠮᠥᠭᠳᠡᠨᠪᠦᠦ ᠶᠢᠨ ᠰᠣᠳᠨᠠᠮᠳᠠᠷᠵᠠ ᠭᠤᠸᠠᠢ ᠪᠣᠯ ᠲᠡᠭᠦᠨ ᠤ ᠠᠪᠤ ᠨᠢ ᠪᠣᠯᠣᠨ᠎ᠠ᠃        ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠣᠶᠤᠲᠠᠨ ᠲᠡᠭᠦᠰᠴᠦ᠂ 1989 ᠣᠨ ᠳᠤ  ᠶᠠᠫᠤᠨ ᠤᠯᠤᠰ ᠤᠨ ᠶᠠᠮᠠᠭᠠᠲ᠋ᠠ ᠲᠡᠭᠡ  ᠰᠤᠷᠭᠠᠭᠤᠯᠢ ᠶᠢᠨ ᠲᠧᠭᠨᠢᠭ ᠤᠨ ᠤᠬᠠᠭᠠᠨ ᠤ ᠬᠡᠯᠲᠡᠰ ᠲᠤ ᠠᠨᠠᠯᠢᠰ ᠬᠢᠮᠢ ᠶᠢᠨ  ᠮᠡᠷᠭᠡᠵᠢᠯ ᠢᠶᠠᠷ ᠠᠰᠫᠢᠷᠠᠨᠲ ᠰᠢᠯᠭᠠᠨ ᠣᠷᠣᠵᠠᠢ᠃        1992 ᠣᠨ ᠳᠤ ᠶᠠᠫᠤᠨ ᠤ ᠲᠣᠣᠺᠢᠤ᠋ ᠠᠵᠤ ᠦᠢᠯᠡᠳᠪᠦᠷᠢ ᠶᠢᠨ  ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠲᠧᠭᠨᠤᠯᠤᠭᠢ ᠶᠢᠨ ᠰᠠᠯᠠᠭᠠᠨ ᠳᠤ  ᠡᠯᠧᠺᠲᠷᠣᠨ ᠬᠢᠮᠢ ᠶᠢᠨ ᠮᠡᠷᠭᠡᠵᠢᠯ ᠢᠶᠠᠷ  ᠳ᠋ᠣᠺᠲ᠋ᠣᠷᠠᠨᠲ ᠰᠢᠯᠭᠠᠨ ᠣᠷᠣᠵᠤ᠂ 1995 ᠣᠨ ᠳᠤ ᠲᠤᠰ ᠰᠤᠷᠭᠠᠭᠤᠯᠢ ᠶᠢᠨ ᠪᠠᠶᠢᠭᠠᠯᠢ ᠶᠢᠨ ᠤᠬᠠᠭᠠᠨ ᠤ  ᠳ᠋ᠣᠺᠲ᠋ᠣᠷ  ᠴᠣᠯᠠ ᠬᠠᠮᠠᠭᠠᠯᠠᠨ᠂ ᠰᠤᠷᠭᠠᠭᠤᠯᠢ ᠳᠠᠭᠠᠨ ᠦᠯᠡᠳᠡᠵᠦ᠂ ᠵᠣᠴᠢᠨ ᠰᠤᠳᠤᠯᠤᠭᠴᠢ ᠪᠠᠷ ᠫᠣᠰᠲ ᠳ᠋ᠣᠺᠲ᠋ᠣᠷ ᠤᠨ  ᠰᠤᠳᠤᠯᠭᠠᠨ ᠢᠶᠠᠨ ᠬᠢᠵᠡᠢ᠃        1996 ᠣᠨ ᠳᠤ ᠶᠠᠫᠤᠨ ᠤᠯᠤᠰ ᠤᠨ ᠰᠤᠳᠤᠯᠭᠠᠨ ᠤ ᠭᠠᠵᠠᠷ ᠲᠤ ᠰᠤᠳᠤᠯᠤᠭᠴᠢ ᠪᠠᠷ  ᠠᠵᠢᠯᠯᠠᠵᠤ᠂ ᠲᠤᠰ ᠵᠢᠯ ᠳᠡᠭᠡᠨ ᠰᠤᠳᠤᠯᠬᠤ ᠭᠠᠵᠠᠷ ᠤᠨ ᠢᠶᠠᠨ  ᠰᠢᠨ᠎ᠡ ᠪᠦᠲᠦᠭᠡᠭᠳᠡᠬᠦᠨ ᠢ ᠰᠤᠳᠤᠯᠤᠨ ᠦᠢᠯᠡᠳᠬᠦ  ᠬᠡᠯᠲᠡᠰ ᠤᠨ ᠳᠠᠷᠤᠭ᠎ᠠ ᠪᠣᠯᠵᠤ ᠳᠠᠪᠰᠢᠨ᠂ 2003 ᠣᠨ ᠳᠤ ᠰᠢᠨ᠎ᠡ ᠪᠦᠲᠦᠭᠡᠭᠳᠡᠬᠦᠨ ᠰᠤᠳᠤᠯᠤᠨ ᠦᠢᠯᠡᠳᠬᠦ   ᠬᠡᠯᠲᠡᠰ ᠤᠨ ᠡᠷᠬᠢᠯᠡᠭᠴᠢ᠂ ᠳᠡᠭᠡᠳᠦ ᠲᠡᠰ ᠤᠨ ᠰᠤᠳᠤᠯᠤᠭᠴᠢ ᠪᠣᠯᠣᠨ ᠲᠠᠪᠰᠢᠵᠠᠢ᠃ 2003 ᠣᠨ ᠳᠤ ︽ᠼᠤᠤ  ᠬᠦᠴᠢᠯ ᠤᠨ ᠬᠡᠲᠦ ᠢᠰᠦᠯ ᠪᠠ  ᠤᠰᠦᠳᠦ᠋ᠷᠦᠭᠴᠢ ᠶᠢᠨ ᠬᠡᠲᠦ ᠢᠰᠦᠯ ᠤᠨ ᠬᠡᠮᠵᠢᠭᠦᠷ ᠤᠨ ᠡᠭᠦᠳᠦᠯᠲᠡ︾᠎ ᠪᠠᠷ ᠢᠶᠠᠨ  ᠶᠠᠫᠤᠨ ᠤ ᠰᠣᠶᠣᠯ ᠤᠨ ᠶᠠᠮᠤᠨ ᠤ ᠣᠨ ᠤ ᠡᠭᠦᠳᠦᠯᠲᠡ ᠶᠢᠨ ᠬᠠᠮᠤᠭ ᠤᠨ  ᠥᠨᠳᠥᠷ ᠱᠠᠩᠨᠠᠯ ᠪᠣᠯᠬᠤ ︽ᠲᠧᠵᠢᠮᠠ  ᠠᠵᠤ ᠦᠢᠯᠡᠳᠪᠦᠷᠢ ᠶᠢᠨ ᠡᠭᠦᠳᠦᠯᠲᠡ ᠶᠢᠨ ᠱᠠᠩᠨᠠᠯ︾᠎ ᠢ ᠬᠦᠷᠲᠡᠪᠡ ︵ᠲᠣᠰ ᠱᠠᠩᠨᠠᠯ ᠢ ᠬᠦᠷᠲᠡᠭᠰᠡᠨ ᠠᠩᠬᠠᠳᠠᠭᠴᠢ   ᠭᠠᠳᠠᠭᠠᠳᠤ ᠶᠢᠨ ᠬᠥᠮᠥᠨ ᠪᠣᠯᠣᠨ᠎ᠠ︶᠃ 2008 ᠣᠨ ᠳᠤ ᠥᠪᠥᠷ ᠮᠣᠩᠭᠤᠯ ᠤᠨ ᠥᠨᠳᠥᠷ ᠲᠡᠰ ᠤᠨ  ᠴᠢᠳᠠᠪᠤᠷᠢᠲᠠᠨ ᠢᠶᠠᠷ ᠤᠷᠢᠭᠳᠠᠵᠤ᠂ ᠥᠪᠥᠷ ᠮᠣᠩᠭᠤᠯ ᠤᠨ  ᠶᠡᠭᠡ ᠰᠤᠷᠭᠠᠭᠤᠯᠢ ᠳᠤ ᠢᠷᠡᠵᠦ ᠳᠡᠳ᠋ ᠫᠷᠤᠹᠧᠰᠰᠤᠷ ᠢᠶᠠᠷ  ᠠᠵᠢᠯᠯᠠᠪᠠ᠃ ᠲᠠᠷᠠᠭ᠎ᠠ ᠨᠢ᠂ ᠰᠤᠷᠭᠠᠨ ᠬᠥᠮᠦᠵᠢᠯ ᠤᠨ ᠶᠠᠮᠤᠨ ᠤ ᠨᠤᠲᠠᠯᠠᠯᠲᠠ ᠪᠠ ᠵᠥᠪᠰᠢᠶᠡᠷᠡᠯ ᠢᠶᠠᠷ  ︽ᠥᠪᠥᠷ  ᠮᠣᠩᠭᠤᠯ ᠤᠨ ᠶᠡᠭᠡ ᠰᠤᠷᠭᠠᠭᠤᠯᠢ ᠶᠢᠨ ᠴᠠᠭᠠᠨ ᠢᠳᠡᠭᠡᠨ ᠤ ᠴᠢᠨᠠᠷ ᠴᠢᠨᠰᠠᠭ᠎ᠠ ᠬᠤᠣᠷᠳᠠᠯ ᠦᠭᠡᠢ ᠶᠢ ᠪᠠᠲᠤᠯᠠᠬᠤ  ᠮᠡᠷᠭᠡᠵᠢᠯ ᠤᠨ ᠰᠤᠷᠭᠠᠨ  ᠬᠥᠮᠦᠵᠢᠯ ᠤᠨ ᠶᠠᠮᠤᠨ ᠤ ᠢᠵᠧᠨᠧᠷᠢᠩ ᠤᠨ ᠰᠤᠳᠤᠯᠭᠠᠨ ᠤ ᠲᠥᠪ︾᠎ ᠢ ᠪᠠᠶᠢᠭᠤᠯᠵᠤ᠂  ᠰᠤᠳᠤᠯᠬᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃  ᠡᠨᠡ ᠬᠦ ᠲᠠᠪᠴᠠᠩ ᠢᠶᠠᠷ ᠳᠠᠮᠵᠢᠨ᠂  ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠫᠷᠦᠵᠧᠺᠲ ᠭᠤᠷᠪᠠ ᠶᠢ᠂   ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠫᠷᠦᠵᠧᠺᠲ ᠳᠥᠷᠪᠡ ᠶᠢ᠂ ᠣᠷᠣᠨ  ᠨᠤᠲᠤᠭ ᠤᠨ ᠬᠥᠨᠳᠡᠯᠡᠨ ᠤ ᠰᠤᠳᠤᠯᠭᠠᠨ ᠤ  ᠫᠷᠦᠵᠧᠺᠲ ᠵᠢᠷᠭᠤᠭ᠎ᠠ ᠶᠢ ᠳᠠᠭᠠᠭᠠᠴᠢᠯᠠᠨ᠂ ᠴᠠᠭᠠᠨ ᠢᠳᠡᠭᠡᠨ ᠤ  ᠦᠢᠯᠡᠳᠪᠦᠷᠢ ᠳᠤ ᠴᠢᠭᠯᠡᠭᠦᠯᠦᠭᠰᠡᠨ ᠲᠤᠰᠬᠠᠢ ᠨᠠᠶᠢᠷᠠᠯᠭ᠎ᠠ ᠶᠢᠨ ᠤᠬᠢᠶᠠᠯᠭ᠎ᠠ ᠶᠢᠨ ᠪᠣᠳᠠᠰ 120  ᠲᠥᠷᠦᠯ ᠢ  ᠰᠤᠳᠤᠯᠤᠨ ᠭᠠᠷᠭᠠᠵᠤ᠂ ᠨᠢᠭᠡ ᠬᠡᠰᠡᠭ ᠨᠢ ᠨᠢᠭᠡᠨᠲᠡ ᠠᠰᠢᠭᠯᠠᠯᠲᠠ ᠳᠤ ᠣᠷᠣᠵᠠᠢ᠃ ᠭᠤᠷᠪᠠᠳᠤᠭᠠᠷ ᠡᠷᠢᠨ  Itaccpper ᠪᠠᠺᠲ᠋ᠧᠷᠢ ᠠᠯᠠᠬᠤ ᠮᠡᠷᠭᠡᠵᠢᠯ  ᠪᠠ ᠬᠠᠮᠢᠶ᠎ᠠ ᠪᠦᠬᠦᠢ ᠲᠥᠬᠦᠭᠡᠷᠦᠮᠵᠢ ᠶᠢ ᠰᠤᠳᠤᠯᠤᠨ᠂  ᠠᠷᠢᠭᠤᠳᠬᠠᠭᠴᠢ ᠶᠢᠨ ᠢᠯᠵᠢᠷᠡᠭᠦᠯᠬᠦ ᠴᠢᠨᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠡᠢ᠃ ᠲᠡᠭᠦᠨ ᠤ   ᠰᠤᠳᠤᠯᠭᠠᠨ ᠤ ᠦᠷ᠎ᠡ ᠪᠦᠲᠦᠭᠡᠯ ᠨᠢ ᠲᠤᠰ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠳᠡᠯᠡᠬᠡᠢ ᠶᠢᠨ ᠲᠡᠷᠢᠭᠦᠨ  ᠪᠠᠶᠢᠷᠢᠨ ᠳᠤ ᠲᠣᠳᠣᠷᠠᠨ᠂ ᠡᠮ ᠡᠮᠨᠡᠯᠭᠡ᠂ ᠢᠳᠡᠭᠡᠨ  ᠪᠤᠯᠪᠠᠰᠤᠷᠠᠭᠤᠯᠬᠤ᠂ ᠬᠥᠳᠡᠭᠡ ᠠᠵᠤ ᠠᠬᠤᠢ ᠵᠡᠷᠭᠡ ᠣᠷᠴᠢᠨ ᠳᠤ  ᠪᠦᠲᠦᠭᠡᠭᠳᠡᠬᠦᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠠᠰᠢᠭ ᠢᠶᠠᠷ ᠥᠨᠳᠥᠷ ᠮᠥᠷᠲᠡᠭᠡᠨ  ᠨᠡᠶᠢᠭᠡᠮ ᠤᠨ ᠲᠤᠰᠬᠠᠯ  ᠮᠠᠰᠢ ᠰᠠᠶᠢᠨ ᠪᠠᠶᠢᠪᠠ᠃        2013 ᠣᠨ ᠳᠤ ︽ᠥᠪᠥᠷ ᠮᠣᠩᠭᠤᠯ ᠤᠨ ᠢᠳᠡᠭᠡᠨ ᠤ ᠪᠣᠯᠪᠠᠰᠤᠷᠠᠭᠤᠯᠤᠯᠲᠠ ᠳᠠᠬᠢ  ᠤᠬᠢᠶᠠᠨ ᠠᠷᠢᠭᠤᠳᠬᠠᠬᠤ ᠮᠡᠷᠭᠡᠵᠢᠯ ᠤᠨ ᠰᠤᠳᠤᠯᠭᠠᠨ ᠤ ᠲᠥᠪ︾᠎ ᠶᠢ ᠪᠠᠶᠢᠭᠤᠯᠤᠨ ᠡᠷᠬᠢᠯᠡᠭᠴᠢ ᠪᠠᠷ ᠠᠵᠢᠯᠯᠠᠪᠠ᠃         2016 ᠣᠨ ᠳᠤ ᠲᠤᠮᠳᠠᠳᠤ ᠤᠯᠤᠰ ᠤᠨ ᠰᠠᠨᠰᠠᠷ ᠤᠨ ᠲᠧᠭᠨᠢᠭ ᠤᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ  ᠲᠥᠪ ᠤᠨ ᠠᠬᠠᠯᠠᠭᠴᠢ  ᠰᠤᠳᠤᠯᠤᠭᠴᠢ᠂ ᠪᠣᠬᠢᠷᠳᠤᠯ ᠦᠭᠡᠢ ᠴᠡᠪᠡᠷᠯᠡᠭᠡᠨ ᠤ ᠰᠤᠳᠤᠯᠭᠠᠨ ᠤ ᠴᠢᠭᠯᠡᠯ ᠤᠨ  ᠰᠤᠳᠤᠯᠭᠠᠨ ᠤ ᠳᠠᠭᠠᠭᠤᠯᠤᠭᠴᠢ ᠪᠠᠷ ᠠᠵᠢᠯᠯᠠᠨ ᠲᠡᠷᠡ ᠰᠤᠳᠤᠯᠭᠠᠨ ᠤ ᠪᠠᠭ ‍ᠤᠨ᠋  ᠬᠢᠨ ᠲᠠᠢ ᠬᠠᠮᠲᠤ ᠳᠡᠭᠡᠳᠦ  ᠠᠰᠢᠭᠯᠠᠮᠵᠢᠲᠤ ᠴᠢᠩᠭ᠎ᠠ ᠱᠦᠯᠲᠦᠯᠢᠭ ᠬᠠᠲᠠᠭᠤ ᠪᠡᠶᠡᠲᠦ ᠤᠬᠢᠶᠠᠭᠴᠢ ᠡᠳ᠋᠂ ᠠᠽᠣᠲ ᠬᠦᠴᠢᠯ ᠤᠨ ᠬᠠᠲᠠᠭᠤ ᠪᠡᠶᠡᠲᠦ  ᠤᠬᠢᠶᠠᠭᠴᠢ  ᠡᠳ᠋᠂ ᠠᠽᠣᠲ ᠬᠦᠴᠢᠯ ᠤᠨ ᠬᠠᠲᠠᠭᠤ ᠪᠡᠶᠡᠲᠦ ᠬᠠᠮ ᠤᠬᠢᠶᠠᠭᠴᠢ ᠵᠡᠷᠭᠡ ᠲᠤᠯᠤᠭᠠᠨ ᠲᠥᠷᠦᠯ ᠤᠨ  ᠨᠡᠷᠡᠲᠦ ᠪᠦᠲᠦᠭᠡᠭᠳᠡᠬᠦᠨ ᠢ ᠡᠭᠦᠳᠦᠨ᠂ ᠰᠤᠳᠤᠯᠭᠠᠨ ᠤ ᠬᠦᠴᠢᠷ  ᠠᠰᠠᠭᠤᠳᠠᠯ ᠢ ᠰᠢᠢᠳᠪᠦᠷᠢᠯᠡᠨ ᠠᠰᠢᠭᠯᠠᠯᠲᠠ ᠳᠤ  ᠣᠷᠣᠭᠤᠯᠵᠠᠢ᠃ ᠲᠡᠳᠬᠦᠨ ᠤ ᠪᠦᠲᠦᠭᠡᠭᠳᠡᠬᠦᠨ ᠭᠠᠳᠠᠭᠠᠳᠤ ᠶᠢᠨ ᠢᠵᠢᠯ ᠲᠥᠷᠦᠯ ᠤᠨ ᠪᠦᠲᠦᠭᠡᠭᠳᠡᠬᠦᠨ ᠢ  ᠢᠯᠡᠳᠲᠡ  ᠳᠠᠪᠠᠵᠤ᠂ ᠭᠠᠳᠠᠭᠠᠳᠤ ᠶᠢᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠤᠨ ᠪᠠᠶᠢᠳᠠᠯ ᠢ ᠡᠪᠳᠡᠵᠦ ᠡᠷᠢᠨ  ᠵᠠᠭᠠᠭᠯᠠᠭᠰᠠᠨ ᠪᠦᠲᠦᠭᠡᠭᠳᠡᠬᠦᠨ ᠬᠡᠮᠡᠨ  ᠦᠨᠡᠯᠡᠭᠳᠡᠵᠡᠢ᠃ ᠲᠡᠷᠡ 2016 ᠣᠨ ᠳᠤ ᠥᠪᠥᠷ ᠮᠣᠩᠭᠤᠯ ᠤᠨ ᠱᠢ ᠠᠨ  ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ  ᠺᠤᠮᠫᠠᠨᠢ ᠶᠢ ᠪᠠᠶᠢᠭᠤᠯᠤᠨ ᠬᠡᠷᠡᠭ  ᠮᠡᠳᠡᠭᠴᠢ ᠶᠢᠨ ᠳᠠᠷᠤᠭ᠎ᠠ ᠪᠠ ᠶᠡᠷᠦᠩᠬᠡᠢ ᠵᠠᠬᠢᠷᠤᠯ ᠤᠨ ᠠᠵᠢᠯ ᠢ ᠬᠠᠷᠢᠭᠤᠴᠠᠪᠠ᠃ ᠲᠤᠰ ᠺᠤᠮᠫᠠᠨᠢ ᠨᠢ ᠢᠳᠡᠭᠡᠨ ᠤ   ᠪᠣᠯᠪᠠᠰᠤᠷᠠᠭᠤᠯᠤᠯᠲᠠ ᠶᠢᠨ ᠠᠵᠤ ᠦᠢᠯᠡᠳᠪᠦᠷᠢ ᠳᠤ ᠬᠡᠷᠡᠭᠯᠡᠬᠦ ᠲᠤᠭ᠎ᠠ᠂ ᠴᠡᠪᠡᠷᠯᠡᠭᠴᠢ ᠡᠳ᠋᠂ ᠠᠷᠢᠭᠤᠳᠬᠠᠭᠴᠢ ᠵᠡᠷᠭᠡ  ᠬᠠᠮᠢᠶ᠎ᠠ ᠪᠦᠬᠦᠢ ᠪᠠᠶᠢᠴᠠᠭᠠᠨ ᠬᠡᠮᠵᠢᠬᠦ  ᠲᠥᠬᠦᠭᠡᠷᠦᠮᠵᠢ ᠶᠢ ᠰᠤᠳᠤᠯᠤᠨ ᠦᠢᠯᠡᠳᠪᠦᠷᠢᠯᠡᠵᠦ ᠪᠣᠷᠣᠯᠠᠭᠤᠯᠵᠤ ᠪᠤᠢ᠃          ᠰᠡᠳᠬᠢᠯ ᠤᠨ ᠵᠠᠬᠢᠶᠠᠰᠤ᠄ ︽ᠭᠠᠵᠠᠷ ᠤᠨ ᠵᠢᠷᠤᠭ ᠳᠡᠭᠡᠷ᠎ᠡ ᠠᠴᠠ ᠡᠷᠢᠬᠦ ᠳᠤ ᠨᠤᠲᠤᠭ ᠭᠡᠵᠦ ᠭᠠᠭᠴᠠᠬᠠᠨ ᠲᠤᠰᠤᠯ  ᠨᠢᠯᠪᠤᠰᠤ︾ ᠭᠡᠳᠡᠭ ᠦᠭᠡ ᠪᠣᠯ ᠮᠢᠨᠤ  ᠬᠠᠮᠤᠭ ᠠᠴᠠ ᠪᠠᠭ᠋ᠠᠷᠬᠠᠳᠠᠭ ᠦᠭᠡ ᠪᠣᠯᠣᠨ᠎ᠠ᠃           
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ