ᠤᠳᠬ᠎ᠠ ᠵᠣᠬᠢᠶᠠᠯ ᠤᠨ ᠤᠬᠠᠭᠠᠨ ᠤ ᠳ᠋ᠣᠺᠲ᠋ᠣᠷ ᠲᠡᠯᠡᠩᠭᠦᠳ ᠠᠶᠢᠬᠤᠪᠲᠤᠷ
ᠨᠡᠶᠢᠲᠡᠯᠡᠭᠰᠡᠨ ᠴᠠᠭ᠄
2024/10/25
        ᠤᠳᠬ᠎ᠠ ᠵᠣᠬᠢᠶᠠᠯ ᠤᠨ ᠤᠬᠠᠭᠠᠨ ᠤ ᠳ᠋ᠣᠺᠲ᠋ᠣᠷ ᠲᠡᠯᠡᠩᠭᠦᠳ ᠠᠶᠢᠬᠤᠪᠲᠤᠷ ︵1956.4 -︶ ᠥᠪᠥᠷ  ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ  ᠤᠤᠯ ᠤᠨ ᠪᠠᠶᠠᠨᠲᠠᠯ᠎ᠠ ᠰᠤᠮᠤᠨ ᠤ ᠲᠠᠯ᠎ᠠ ᠶᠢᠨ ᠤᠰᠤ  ᠪᠠᠷᠢᠭᠠᠳᠠ ᠶᠢᠨ ᠵᠢᠷᠠᠨ ᠬᠦᠷᠢᠶ᠎ᠡ ᠪᠠᠷ ᠤᠤᠭᠠᠯ ᠨᠤᠲᠤᠭ ᠲᠠᠢ᠃ ᠠᠪᠤ ᠪᠠᠲᠤᠪᠠᠽᠠᠷ ᠤᠨ ᠬᠥᠪᠡᠭᠦᠨ ᠨᠢ ᠪᠣᠯᠣᠨ   ᠵᠠᠶᠠᠭᠠᠵᠠᠢ᠃        1977 ᠣᠨ ᠳᠤ ᠶᠡᠭᠡ ᠰᠤᠷᠭᠠᠭᠤᠯᠢ ᠶᠢᠨ ᠰᠢᠯᠭᠠᠯᠲᠠ ᠶᠢ ᠰᠡᠷᠭᠦᠭᠡᠭᠰᠡᠨ ᠠᠴᠠ ᠠᠪᠤ ᠨᠢ ᠲᠡᠭᠦᠨ ᠳᠤ  ᠶᠠᠫᠤᠨ ᠬᠡᠯᠡᠨ ᠤ ᠠᠪᠢᠶ᠎ᠠ ᠶᠢ ᠵᠢᠭᠠᠨ ᠥᠭᠴᠦ  ᠪᠠᠶᠢᠵᠠᠢ᠃        1979 ᠣᠨ ᠳᠤ ᠰᠢᠯᠢᠳᠡᠭ ᠬᠢᠷᠢ ᠪᠦᠳᠦᠮᠵᠢ ᠪᠠᠷ ᠥᠪᠥᠷ  ᠮᠣᠩᠭᠤᠯ ᠤᠨ ᠶᠡᠭᠡ ᠰᠤᠷᠭᠠᠭᠤᠯᠢ ᠶᠢᠨ ᠭᠠᠳᠠᠭᠠᠳᠤ ᠬᠡᠯᠡᠨ ᠤ ᠰᠠᠯᠪᠤᠷᠢ ᠳᠤ ᠶᠠᠫᠤᠨ ᠬᠡᠯᠡᠨ ᠤ  ᠮᠡᠷᠭᠡᠵᠢᠯ ᠢᠶᠠᠷ  ᠡᠯᠰᠡᠭᠳᠡᠭᠰᠡᠨ ᠪᠠᠶᠢᠨ᠎ᠠ᠃ ᠶᠡᠭᠡ ᠰᠤᠷᠭᠠᠭᠤᠯᠢ ᠶᠢᠨ ᠬᠤᠭᠤᠴᠠᠭᠠᠨ ᠳᠤ ᠰᠤᠷᠭᠠᠭᠤᠯᠢ ᠶᠢᠨ ᠢᠶᠠᠨ ᠲᠣᠮᠢᠯᠠᠯᠲᠠ ᠪᠠᠷ  ᠶᠠᠫᠤᠨ ᠬᠡᠯᠡᠨ ᠤ ᠮᠡᠷᠭᠡᠵᠢᠯ ᠤᠨ  ᠭᠤᠣᠯᠳᠠᠯᠭᠠᠲᠤ ᠰᠤᠷᠭᠠᠭᠤᠯᠢ ᠪᠣᠯᠬᠤ ᠵᠡᠭᠦᠨ ᠬᠤᠶᠢᠲᠤ ᠶᠢᠨ ᠪᠠᠭᠰᠢ ᠶᠢᠨ ᠶᠡᠭᠡ  ᠰᠤᠷᠭᠠᠭᠤᠯᠢ ᠳᠤ ᠰᠤᠷᠤᠯᠴᠠᠪᠠ᠃        1985 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠪᠠᠨ ᠪᠤᠴᠠᠨ  ᠢᠷᠡᠵᠦ ᠪᠠᠭᠰᠢᠯᠠᠪᠠ᠃        1987 ᠣᠨ ᠳᠤ ᠶᠠᠫᠤᠨ ᠳᠤ ᠬᠦᠷᠴᠦ ᠰᠤᠷᠤᠯᠴᠠᠨ᠂ ᠲᠣᠣᠺᠢᠤ᠋ ᠶᠡᠭᠡ ᠰᠤᠷᠭᠠᠭᠤᠯᠢ ᠳᠤ  ᠤᠳᠬ᠎ᠠ ᠵᠣᠬᠢᠶᠠᠯ ᠤᠨ ᠤᠬᠠᠭᠠᠨ ᠤ ᠳ᠋ᠣᠺᠲ᠋ᠣᠷ ᠴᠣᠯᠠ  ᠬᠠᠮᠠᠭᠠᠯᠠᠵᠠᠢ᠃ ᠲᠣᠣᠺᠢᠤ᠋ ᠶᠡᠭᠡ ᠰᠤᠷᠭᠠᠭᠤᠯᠢ ᠶᠢᠨ ᠲᠡᠦᠬᠡᠨ  ᠳᠡᠭᠡᠷ᠎ᠡ ᠤᠳᠬ᠎ᠠ ᠵᠣᠬᠢᠶᠠᠯ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠭᠰᠠᠨ ᠬᠠᠮᠤᠭ ᠤᠨ  ᠠᠩᠬᠠᠳᠠᠭᠴᠢ ᠮᠣᠩᠭᠤᠯ  ᠬᠥᠮᠥᠨ ᠤ ᠠᠯᠳᠠᠷ ᠢ ᠲᠡᠮᠳᠡᠭᠯᠡᠭᠦᠯᠦᠭᠰᠡᠨ ᠪᠠᠶᠢᠳᠠᠭ᠃        1998ᠣᠨ ᠤ 4 ᠰᠠᠷ᠎ᠠ ᠳᠤ ᠬᠤᠺᠺᠠᠶᠢᠳᠤᠤ᠋ ᠶᠢᠨ ᠬᠤᠺᠺᠠᠢ ᠭᠠᠺᠦᠶᠠ ᠶᠡᠭᠡ ᠰᠤᠷᠭᠠᠭᠤᠯᠢ ᠶᠢᠨ  ᠬᠥᠮᠥᠡᠯᠢᠭ ᠤᠨ ᠤᠬᠠᠭᠠᠨ ᠤ ᠬᠡᠯᠲᠡᠰ ᠤᠨ ᠶᠠᠫᠤᠨ  ᠰᠣᠶᠣᠯ ᠤᠨ ᠰᠢᠨᠵᠢᠯᠡᠭᠡᠨ ᠤ ᠭᠠᠵᠠᠷ ᠲᠤ ᠳᠡᠳ᠋ ᠫᠷᠤᠹᠧᠰᠰᠤᠷ ᠢᠶᠠᠷ  ᠤᠷᠢᠭᠳᠠᠨ ᠠᠵᠢᠯᠯᠠᠵᠤ᠂ ᠭᠤᠣᠯᠳᠠᠭᠤ ᠶᠠᠫᠤᠨ ᠤ ᠤᠳᠬ᠎ᠠ ᠵᠣᠬᠢᠶᠠᠯ᠂ ᠬᠠᠷᠢᠴᠠᠭᠤᠯᠤᠭᠰᠠᠨ  ᠤᠳᠬ᠎ᠠ ᠵᠣᠬᠢᠶᠠᠯ ᠬᠢᠭᠡᠳ  ᠤᠳᠬ᠎ᠠ ᠵᠣᠬᠢᠶᠠᠯ ᠤᠨ ᠤᠨᠤᠯ ᠢᠶᠠᠷ ᠬᠢᠴᠢᠶᠡᠯᠯᠡᠵᠦ ᠪᠣᠢ᠃         2001 ᠣᠨ ᠳᠤ ᠫᠷᠤᠹᠧᠰᠰᠤᠷ᠂ ᠳ᠋ᠣᠺᠲ᠋ᠣᠷᠠᠨᠲ ᠤᠨ  ᠵᠢᠯᠣᠭᠤᠳᠤᠭᠴᠢ ᠪᠠᠭᠰᠢ ᠪᠣᠯᠣᠨ ᠳᠠᠪᠰᠢᠵᠤ᠂ ᠤᠳᠤ ᠪᠤᠯᠲᠠᠯ᠎ᠠ ᠮᠡᠷᠡᠶᠢᠨ ᠠᠵᠢᠯᠯᠠᠭᠰᠠᠭᠠᠷ ᠪᠤᠢ᠃        ᠰᠤᠳᠤᠯᠭᠠᠨ ᠤ ᠴᠢᠭᠯᠡᠯ ᠤᠨ ᠲᠠᠯ᠎ᠠ ᠪᠠᠷ᠂ ᠶᠠᠫᠤᠨ ᠤ ᠣᠶᠢᠷ᠎ᠠ ᠤᠳᠣ ᠦᠶ᠎ᠡ ᠶᠢᠨ ᠤᠳᠬ᠎ᠠ ᠵᠣᠬᠢᠶᠠᠯ᠂  ᠬᠠᠷᠢᠴᠠᠭᠤᠯᠤᠯ ᠤᠳᠬ᠎ᠠ ᠵᠣᠬᠢᠶᠠᠯ᠂ ᠰᠢᠯᠦᠭ ᠵᠦᠢ᠂  ᠤᠳᠬ᠎ᠠ ᠵᠣᠬᠢᠶᠠᠯ ᠤᠨ ᠣᠨᠣᠯ᠂ ᠶᠠᠫᠤᠨᠴᠤᠳ᠂ ᠬᠢᠲᠠᠳᠴᠤᠳ᠂  ᠮᠣᠩᠭᠤᠯᠴᠤᠳ ᠤᠨ ᠪᠠᠶᠢᠭᠠᠯᠢ ᠶᠢᠨ ᠦᠵᠡᠯ ᠲᠠᠨᠢᠯᠲᠠ᠂ ᠠᠮᠢᠳᠤᠷᠠᠬᠤᠢ ᠶᠢᠨ ᠦᠵᠡᠯᠲᠡ᠂  ᠶᠢᠷᠲᠢᠨᠴᠦ ᠶᠢᠨ  ᠦᠵᠡᠯᠲᠡ ᠶᠢᠨ ᠲᠤᠬᠠᠢ ᠬᠠᠷᠢᠴᠠᠭᠤᠯᠤᠯ ᠵᠡᠷᠭᠡ ᠪᠣᠯᠣᠨ᠎ᠠ᠃         ᠶᠠᠫᠤᠨ ᠬᠡᠯᠡ᠂ ᠬᠢᠲᠠᠳ ᠬᠡᠯᠡ᠂ ᠮᠣᠩᠭᠤᠯ ᠬᠡᠯᠡ ᠪᠠᠷ 90 ᠲᠦᠮᠡᠨ ᠦᠰᠦᠭ ᠪᠦᠬᠦᠢ ᠳᠥᠴᠢ ᠭᠠᠷᠤᠢ ᠡᠷᠳᠡᠮ  ᠰᠢᠨᠵᠢᠯᠡᠭᠡᠨ ᠤ ᠥᠭᠦᠯᠡᠯ ᠨᠡᠶᠢᠲᠡᠯᠡᠭᠦᠯᠦᠨ  ᠨᠣᠮ ᠪᠦᠲᠦᠭᠡᠯ ᠲᠤᠭᠤᠷᠪᠢᠵᠠᠢ᠃ ᠭᠤᠣᠯ ᠪᠦᠲᠦᠭᠡᠯ ᠨᠢ ︽ᠮᠢᠰᠢᠮᠠ  ᠶᠦᠺᠢᠦ ᠶᠢᠨ ᠤᠳᠬ᠎ᠠ ᠵᠣᠬᠢᠶᠠᠯ ᠤᠨ ᠤᠭ ᠳᠦᠷᠢ ᠪᠠ ᠡᠭᠦᠰᠦᠯ᠄ ᠳᠠᠯᠳᠠ ᠵᠦᠢᠷᠯᠡᠯ ᠪᠠ  ᠪᠦᠲᠦᠴᠡ︾᠂ ︽ᠰᠢᠯᠦᠭ ᠤᠨ ᠦᠯᠡᠮᠵᠢ ᠲᠠᠩᠬᠠᠢ ᠰᠡᠳᠬᠢᠮᠵᠢ ᠪᠠ ᠶᠡᠭᠡ ᠳᠠᠯᠠᠢ ᠶᠢᠨ ᠤᠳᠤᠮ ᠴᠠᠳᠢᠭ - ᠥᠷᠥᠨᠡᠳᠠᠬᠢᠨ ᠠᠴᠠ  ᠳᠣᠷᠣᠨᠠᠳᠠᠬᠢᠨ ᠬᠦᠷᠲᠡᠯᠡᠬᠢ  ᠲᠠᠷᠬᠠᠯᠲᠠ᠂ ᠬᠦᠯᠢᠶᠡᠨ ᠠᠪᠤᠯᠭ᠎ᠠ᠂ ᠬᠤᠪᠢᠷᠠᠯᠲᠠ︾᠂ ︽ᠲᠠᠤᠯᠠᠢ ᠶᠢᠨ ᠳᠡᠭᠡᠷᠡᠮ ᠤᠨ  ᠬᠠᠷᠠᠭᠠᠰᠤ ᠠᠴᠠ ᠳᠡᠯᠡᠬᠡᠢ ᠶᠢᠨ ᠲᠡᠦᠬᠡ ᠶᠢ ᠰᠢᠨ᠎ᠡ ᠪᠠᠷ ᠴᠣᠭᠴᠠᠯᠠᠬᠤ ᠨᠢ᠄  ᠠᠷᠠᠯᠵᠢᠶ᠎ᠠ ᠪᠠ ᠰᠤᠷᠠᠭ ᠵᠠᠩᠭᠢ ᠶᠢᠨ  ᠰᠣᠯᠢᠯᠴᠠᠭ᠎ᠠ ᠶᠢ ᠲᠠᠬᠢᠨ ᠰᠤᠳᠤᠯᠬᠤ ᠨᠢ︾ ᠵᠡᠷᠭᠡ ᠣᠯᠠᠨ ᠠᠷᠪᠢᠨ ᠪᠦᠲᠦᠭᠡᠯ ᠪᠤᠢ᠃        ᠰᠡᠳᠬᠢᠯ ᠤᠨ ᠵᠠᠬᠢᠶᠠᠰᠤ᠄ ᠦᠷᠦᠨ᠎ᠡ ᠲᠣᠷᠤᠨ᠎ᠠ᠂ ᠡᠷᠲᠡᠨ ᠡᠳᠦᠭᠡ ᠶᠢ ᠬᠤᠯᠪᠣᠭᠰᠠᠨ ᠳᠠᠯᠳᠠ ᠬᠦᠨᠳᠦ ᠠᠤᠭ᠎ᠠ  ᠮᠣᠩᠭᠤᠯ ᠰᠣᠶᠣᠯ ᠳᠠᠭᠠᠨ ᠪᠢ ᠬᠡᠮᠵᠢᠶ᠎ᠡ  ᠦᠭᠡᠢ ᠪᠠᠶᠠᠷᠯᠠᠳᠠᠭ  ᠡᠶᠢᠮᠦ ᠨᠢᠭᠡᠨ ᠰᠣᠶᠣᠯ ᠤᠨ ᠭᠧᠨ ᠨᠠᠮ᠎ᠠ ᠶᠢ ᠶᠠᠮᠠᠷ  ᠨᠢᠭᠡᠨ ᠣᠷᠣᠨ ᠪᠠᠶᠢᠷᠢ᠂ ᠰᠤᠳᠤᠯᠭᠠᠨ ᠤ ᠴᠢᠭᠯᠡᠯ ᠳᠤ ᠵᠣᠭᠰᠤᠩᠭᠤᠶᠢᠷᠠᠵᠤ᠂ ᠪᠡᠶ᠎ᠡ ᠪᠠᠨ  ᠪᠠᠭ᠋ᠠᠷᠬᠠᠬᠤ ᠪᠤᠶᠤ ᠪᠤᠷᠤᠭᠤ  ᠵᠠᠮ ᠢᠶᠠᠷ ᠶᠠᠪᠤᠬᠤ ᠶᠢ ᠡᠷᠡᠰ ᠬᠤᠷᠢᠭᠯᠠᠳᠠᠭ ᠪᠢᠯᠡ᠃            
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ