ᠲᠡᠦᠬᠡ ᠶᠢᠨ ᠤᠬᠠᠭᠠᠨ ᠤ ᠳ᠋ᠣᠺᠲ᠋ᠣᠷ ᠰᠣᠳᠣᠪᠢᠯᠢᠭ᠌
ᠨᠡᠶᠢᠲᠡᠯᠡᠭᠰᠡᠨ ᠴᠠᠭ᠄
2024/10/25
        ᠲᠡᠦᠬᠡ ᠶᠢᠨ ᠤᠭᠠᠬᠠᠨ ᠤ ᠳ᠋ᠣᠺᠲ᠋ᠣᠷ ᠰᠣᠳᠣᠪᠢᠯᠢᠭ᠌ ︵1962.6 -︶1962 ᠎1962ᠥᠪᠥᠷ ᠮᠣᠩᠭᠤᠯ ᠤᠨ ᠬᠥᠪᠡᠭᠡᠲᠦ  ᠰᠢᠷ᠎ᠠ ᠬᠤᠰᠢᠭᠤᠨ ᠤ ᠤᠤᠯ ᠤᠨ  ᠪᠣᠭᠳᠠ ᠠᠭᠤᠯᠠ ᠨᠢᠭᠡᠳᠦᠯ ᠤᠨ ᠪᠣᠭᠳᠠ ᠶᠢᠨ ᠭᠤᠣᠯ ᠪᠠᠷᠢᠭᠠᠳᠠ ᠳᠤ᠂ ᠰᠢᠷᠠᠨᠤᠳ  ᠣᠪᠣᠭᠲᠤ ᠠᠪᠤ ᠰᠣᠶᠣᠯᠲᠤ ᠪᠣᠯᠣᠨ ᠡᠵᠢ ᠤᠯᠠᠮ᠎ᠠ ᠶᠢᠨ ᠤᠤᠭᠠᠨ ᠬᠥᠪᠡᠭᠦᠨ ᠨᠢ  ᠪᠣᠯᠣᠨ ᠵᠠᠶᠠᠭᠠᠵᠠᠢ᠃ ᠲᠡᠷᠡ ᠪᠠᠷ  ᠪᠠᠭ᠎ᠠ ᠨᠠᠰᠤᠨ ᠠᠴᠠ ᠡᠷᠳᠡᠮ ᠰᠤᠷᠤᠯᠭ᠎ᠠ ᠳᠤ ᠰᠢᠮᠳᠠᠵᠤ᠂ 1978 ᠣᠨ ᠳᠤ ᠥᠪᠥᠷ ᠮᠣᠩᠭᠤᠯ ᠤᠨ ᠪᠠᠭᠰᠢ ᠶᠢᠨ  ᠶᠡᠭᠡ  ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠰᠢᠯᠭᠠᠭᠳᠠᠨ ᠣᠷᠣᠵᠠᠢ᠃        1982 ᠣᠨ ᠳᠤ ᠶᠡᠭᠡ ᠰᠤᠷᠭᠠᠭᠤᠯᠢ ᠪᠠᠨ ᠲᠡᠭᠦᠰᠦᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ  ᠲᠡᠦᠬᠡ ᠶᠢᠨ ᠤᠬᠠᠭᠠᠨ ᠤ  ᠰᠠᠯᠪᠤᠷᠢ ᠳᠤ ᠦᠯᠡᠳᠡᠵᠦ ᠪᠠᠭᠰᠢᠯᠠᠪᠠ᠃ 1988 ᠣᠨ ᠳᠤ ᠥᠪᠥᠷ ᠮᠣᠩᠭᠤᠯ ᠤᠨ ᠶᠡᠭᠡ  ᠰᠤᠷᠭᠠᠭᠤᠯᠢ ᠶᠢᠨ ᠥᠪᠥᠷ ᠮᠣᠩᠭᠤᠯ ᠤᠨ ᠣᠷᠴᠢᠨ ᠤᠳᠤ ᠦᠶ᠎ᠡ ᠶᠢᠨ  ᠲᠡᠦᠬᠡ ᠰᠤᠳᠤᠯᠬᠤ ᠭᠠᠵᠠᠷ ᠲᠤ  ᠠᠰᠫᠢᠷᠠᠨᠲ ᠢᠶᠠᠷ ᠰᠢᠯᠭᠠᠭᠳᠠᠨ ᠣᠷᠣᠵᠤ  ᠮᠣᠩᠭᠤᠯ ᠲᠡᠦᠬᠡ ᠶᠢᠨ ᠤᠬᠠᠭᠠᠨ ᠤ ᠮᠡᠷᠭᠡᠵᠢᠯ ᠢ ᠭᠤᠣᠯᠴᠢᠯᠠᠨ ᠰᠤᠷᠴᠤ  ᠡᠵᠡᠮᠰᠢᠵᠡᠢ᠃  1991 ᠣᠨ ᠳᠤ ᠰᠤᠷᠤᠯᠭ᠎ᠠ ᠲᠡᠭᠦᠰᠦᠭᠰᠡᠨ ᠤ ᠲᠠᠷᠠᠭ᠎ᠠ᠂ ᠮᠥᠨ ᠲᠤᠰ ᠰᠤᠳᠤᠯᠬᠤ ᠭᠠᠵᠠᠷ ᠲᠤ ᠪᠠᠨ  ᠦᠯᠡᠳᠡᠵᠦ ᠡᠷᠳᠡᠮ ᠰᠢᠨᠵᠢᠯᠡᠭᠡᠨ ᠤ ᠠᠵᠢᠯ ᠪᠠ ᠵᠢᠭᠠᠨ  ᠰᠤᠷᠭᠠᠯᠲᠠ ᠶᠢᠨ ᠠᠵᠢᠯ ᠬᠢᠭᠰᠡᠭᠡᠷ ᠢᠷᠡᠪᠡ᠃ ᠠᠵᠢᠯᠯᠠᠵᠤ  ᠪᠠᠶᠢᠬᠤ ᠳᠤᠮᠳᠠ ᠪᠠᠨ 1997 ᠣᠨ ᠳᠤ ᠲᠤᠮᠲᠠᠲᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ  ᠴᠢᠩ  ᠤᠯᠤᠰ ᠤᠨ ᠲᠡᠦᠬᠡ ᠰᠤᠳᠤᠯᠬᠤ ᠭᠠᠵᠠᠷ ᠲᠤ ᠳ᠋ᠣᠺᠲ᠋ᠣᠷᠠᠨᠲ ᠢᠶᠠᠷ ᠰᠢᠯᠭᠠᠭᠳᠠᠨ ᠣᠷᠣᠵᠤ᠂ 2000 ᠣᠨ ᠤ 6  ᠰᠠᠷ᠎ᠠ ᠳᠤ ᠲᠡᠦᠬᠡ ᠶᠢᠨ ᠤᠬᠠᠭᠠᠨ ᠤ  ᠳ᠋ᠣᠺᠲ᠋ᠣᠷ ᠴᠣᠯᠠ ᠬᠠᠮᠠᠭᠠᠯᠠᠪᠠ᠃ 2015  ᠣᠨ ᠠᠴᠠ ᠥᠪᠥᠷ ᠮᠣᠩᠭᠤᠯ ᠤᠨ  ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ  ᠳᠡᠳ᠋ ᠵᠠᠬᠢᠷᠤᠯ ᠤᠨ ᠲᠤᠰᠢᠶᠠᠯ ᠢ  ᠬᠠᠷᠢᠭᠤᠴᠠᠭᠰᠠᠨ ᠪᠠᠶᠢᠨ᠎ᠠ᠃        ᠰᠣᠳᠣᠪᠢᠯᠢᠭ᠌ ᠪᠠᠭᠰᠢ ᠭᠤᠣᠯᠳᠠᠭᠤ ᠣᠷᠴᠢᠨ ᠤᠳᠤ ᠦᠶ᠎ᠡ ᠶᠢᠨ ᠮᠣᠩᠭᠤᠯ ᠤᠨ ᠲᠡᠦᠬᠡ ᠶᠢᠨ ᠰᠤᠳᠤᠯᠭ᠎ᠠ  ᠬᠢᠳᠡᠭ᠃ ᠲᠡᠷᠡ ᠲᠤᠲᠤᠮ ᠢᠶᠠᠨ ᠣᠷᠴᠢᠨ  ᠦᠶ᠎ᠡ ᠶᠢᠨ ᠮᠣᠩᠭᠤᠯ ᠬᠤᠰᠢᠭᠤᠳ ᠤᠨ ᠲᠡᠦᠬᠡᠨ ᠲᠠᠩᠰᠠ ᠡᠪᠬᠡᠮᠡᠯ᠂  ᠪᠢᠴᠢᠭ ᠪᠠᠷᠢᠮᠲᠠ ᠶᠢ ᠨᠢᠭᠲᠠᠯᠠᠨ ᠰᠤᠳᠤᠯᠬᠤ᠂ ᠡᠮᠬᠢᠳᠬᠡᠨ ᠬᠡᠪᠯᠡᠭᠦᠯᠬᠦ ᠠᠵᠢᠯ ᠳᠤ ᠤᠯᠠᠨ ᠵᠢᠯ  ᠵᠢᠳᠬᠦᠵᠦ᠂  ᠦᠯᠡᠮᠵᠢᠬᠡᠨ ᠪᠦᠲᠦᠭᠡᠯ ᠭᠠᠷᠭᠠᠭᠰᠠᠨ ᠪᠢᠯᠡ᠃ ᠲᠡᠷᠡ ᠪᠠᠷ ᠳ᠋ᠣᠺᠲ᠋ᠣᠷ ᠤᠨ ᠥᠭᠦᠯᠡᠯ ᠤᠨ ᠢᠶᠠᠨ ᠰᠠᠭᠤᠷᠢᠨ ᠳᠡᠭᠡᠷ᠎ᠡ  ᠤᠯᠠᠮ ᠭᠦᠨᠵᠡᠭᠡᠢ ᠰᠤᠳᠤᠯᠭᠠᠨ  ᠬᠢᠵᠦ᠂ ︽ᠮᠠᠨᠵᠤ ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠰᠢᠨᠵᠢᠶᠠᠩ᠂  ᠮᠣᠩᠭᠤᠯ᠂ ᠲᠥᠪᠡᠳ ᠲᠤ ᠬᠡᠷᠡᠭᠵᠢᠭᠦᠯᠦᠭᠰᠡᠨ ᠪᠣᠳᠣᠯᠭ᠎ᠠ ᠶᠢᠨ ᠰᠤᠳᠤᠯᠤᠯ︾ ᠭᠡᠬᠦ  ᠲᠤᠰᠬᠠᠢ ᠰᠡᠳᠦᠪᠲᠦ ᠨᠣᠮ  ᠬᠡᠪᠯᠡᠭᠦᠯᠪᠡ᠃ ᠲᠤᠰ ᠨᠣᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ  ᠭᠦᠨ ᠤᠬᠠᠭᠠᠨ  ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠲᠦᠭᠡᠯ ᠤᠨ ᠵᠠᠰᠠᠭ ᠤᠨ ᠣᠷᠳᠣᠨ ᠤ  ᠬᠤᠶᠠᠳᠤᠭᠠᠷ ᠲᠡᠰ ᠤᠨ ᠱᠠᠩᠨᠠᠯ ᠢ ᠬᠦᠷᠲᠡᠪᠡ᠃ ᠲᠡᠷᠡ ᠪᠠᠷ ᠪᠠᠰᠠ ᠮᠠᠨᠵᠤ  ᠴᠢᠩ ᠤᠯᠤᠰ ᠤᠨ ᠰᠡᠭᠦᠯᠴᠢ ᠶᠢᠨ  ᠦᠶ᠎ᠡ ᠶᠢᠨ ᠮᠣᠩᠭᠤᠯ ᠳᠤ ᠴᠢᠭᠯᠡᠭᠦᠯᠦᠭᠰᠡᠨ ᠪᠣᠳᠣᠯᠭ᠎ᠠ᠂ ᠺᠠᠲ᠋ᠣᠯᠢᠭ ᠱᠠᠰᠢᠨ ᠥᠪᠥᠷ ᠮᠣᠩᠭᠤᠯ ᠳᠤ ᠳᠡᠯᠭᠡᠷᠡᠭᠰᠡᠨ᠂  ᠬᠤᠲᠣᠩ ᠤᠨ  ᠤᠷᠪᠠᠯᠭᠠᠨ ᠤ ᠶᠡᠭᠡ ᠵᠤᠤ ᠶᠢᠨ ᠴᠢᠭᠤᠯᠭᠠᠨ ᠳᠤ ᠦᠵᠡᠭᠦᠯᠦᠭᠰᠡᠨ ᠨᠥᠯᠥᠭᠡ᠂ ᠠᠷᠪᠠᠨ ᠭᠤᠷᠪᠠᠳᠤᠭᠠᠷ  ᠳᠦᠷᠢ ᠶᠢᠨ ᠲᠠᠯᠠᠢ ᠯᠠᠮᠠ ᠬᠢᠭᠡᠳ ᠠᠷᠤ ᠮᠣᠩᠭᠤᠯ ᠤᠨ  ᠤᠯᠤᠰ ᠲᠦᠷᠤ ᠶᠢᠨ ᠪᠠᠶᠢᠳᠠᠯ ᠤᠨ ᠬᠤᠪᠢᠷᠠᠯᠲᠠ᠂ ᠴᠠᠭᠠᠴᠢᠨ  ᠢᠷᠭᠡᠳ ᠴᠠᠬᠠᠷ ᠲᠦᠮᠡᠳ ᠲᠤ ᠨᠤᠲᠤᠭᠰᠢᠭᠰᠠᠨ᠂ ᠮᠣᠩᠭᠤᠯ ᠬᠤᠰᠢᠭᠤ ᠨᠤᠭᠤᠳ ᠤᠨ ᠭᠠᠵᠠᠷ  ᠰᠢᠷᠣᠢ ᠶᠢᠨ  ᠠᠰᠠᠭᠤᠳᠠᠯ᠂ ᠮᠠᠨᠵᠤ ᠬᠢᠲᠠᠳ ᠰᠠᠶᠢᠳ ᠨᠠᠷ ᠤᠨ ᠮᠣᠩᠭᠤᠯ ᠢ ᠵᠠᠰᠠᠬᠤ ᠲᠤᠬᠠᠢ ᠠᠶᠢᠯᠠᠳᠬᠠᠯ᠂ ᠮᠣᠩᠭᠤᠯ ᠠᠷᠠᠳ ᠤᠨ  ᠬᠤᠪᠢᠰᠬᠠᠯᠲᠤ ᠨᠠᠮ ᠪᠣᠯᠣᠨ  ᠲᠤᠮᠲᠠᠲᠤ ᠤᠯᠤᠰ ᠤᠨ ᠭᠤᠮᠢᠨᠳᠠᠩ ᠨᠠᠮ ᠤᠨ ᠬᠠᠷᠢᠴᠠᠭ᠎ᠠ ᠵᠡᠷᠭᠡ ᠠᠳᠠᠯᠢ ᠪᠤᠰᠤ ᠶᠢᠨ  ᠰᠡᠳᠦᠪ ᠢᠶᠠᠷ ᠰᠤᠳᠤᠯᠭ᠎ᠠ ᠬᠢᠵᠦ᠂ ᠳᠥᠴᠢ ᠰᠢᠬᠠᠮ ᠥᠭᠦᠯᠡᠯ ᠨᠡᠶᠢᠲᠡᠯᠡᠭᠦᠯᠵᠡᠢ᠃        ᠣᠶᠢᠷ᠎ᠠ ᠶᠢᠨ ᠠᠷᠪᠠᠭᠠᠳ ᠵᠢᠯ ᠳᠤ᠂ ᠮᠠᠨᠵᠤ ᠶᠢᠨ ᠦᠶ᠎ᠡ ᠳᠤ ᠪᠤᠢ ᠪᠣᠯᠤᠭᠰᠠᠨ ᠮᠣᠩᠭᠤᠯ ᠬᠤᠰᠢᠭᠤ ᠨᠤᠭᠤᠳ ᠤᠨ ᠵᠠᠰᠠᠭ ᠶᠠᠮᠤᠨ ᠤ ᠲᠠᠩᠰᠠ ᠡᠪᠬᠡᠮᠡᠯ᠂  ᠮᠣᠩᠭᠤᠯ ᠤᠯᠤᠰ ᠲᠤ ᠬᠠᠳᠠᠭᠠᠯᠠᠭᠳᠠᠵᠤ ᠪᠤᠢ ᠳᠣᠲᠣᠭᠠᠳᠤ  ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠲᠡᠦᠬᠡᠨ ᠳᠤ ᠬᠤᠯᠪᠣᠭᠳᠠᠬᠤ ᠪᠠᠷᠢᠮᠲᠠ ᠪᠢᠴᠢᠭ᠂  ᠤᠷᠤᠰ ᠤᠨ  ᠬᠤᠯᠪᠣᠭᠠᠨ ᠤ ᠪᠦᠭᠦᠳᠡ ᠨᠠᠶᠢᠷᠠᠮᠳᠠᠬᠤ ᠬᠠᠯᠢᠮᠠᠭ ᠤᠯᠤᠰ ᠲᠤ ᠬᠠᠳᠠᠭᠠᠯᠠᠭᠳᠠᠵᠤ ᠪᠤᠢ ᠲᠣᠳᠣ ᠦᠰᠦᠭ ᠤᠨ ᠲᠡᠦᠬᠡᠨ  ᠮᠠᠲ᠋ᠧᠷᠢᠶᠠᠯ ᠢ ᠡᠮᠬᠢᠳᠬᠡᠬᠦ  ᠣᠷᠴᠢᠭᠤᠯᠬᠤ ᠪᠠ ᠬᠡᠪᠯᠡᠭᠦᠯᠬᠦ ᠳᠤ ᠬᠦᠴᠦ ᠲᠠᠯᠪᠢᠨ ᠠᠵᠢᠯᠯᠠᠵᠠᠢ᠃        ᠰᠣᠳᠣᠪᠢᠯᠢᠭ᠌ ᠫᠷᠤᠹᠧᠰᠰᠤᠷ ᠬᠢᠴᠢᠶᠡᠯ ᠬᠥᠮᠦᠵᠢᠯ ᠪᠠ ᠰᠤᠳᠤᠯᠭᠠᠨ ᠤ ᠠᠵᠢᠯ ᠢ ᠬᠢᠬᠦ ᠶᠢᠨ ᠳᠠᠭᠠᠤ ᠭᠠᠳᠠᠭᠠᠳᠤ  ᠳᠣᠲᠣᠭᠠᠳᠤ ᠶᠢᠨ ᠤᠯᠠᠨ ᠡᠷᠳᠡᠮᠲᠡᠳ ᠲᠠᠢ  ᠬᠠᠷᠢᠯᠴᠠᠭ᠎ᠠ ᠬᠤᠯᠪᠤᠭ᠎ᠠ ᠪᠠᠶᠢᠭᠤᠯᠵᠤ᠂ ᠲᠤᠷᠤᠨ᠎ᠠ ᠥᠷᠦᠨ᠎ᠡ ᠶᠢᠨ ᠠᠳᠠᠯᠢ  ᠪᠤᠰᠤ ᠤᠯᠤᠰ ᠣᠷᠣᠨ ᠢᠶᠠᠷ ᠣᠯᠠᠨᠲᠠ ᠠᠶᠢᠯᠴᠯᠠᠵᠦ᠂ ᠡᠷᠳᠡᠮ ᠰᠢᠨᠵᠢᠯᠡᠭᠡᠨ ᠤ ᠰᠢᠨ᠎ᠡ  ᠰᠤᠷᠠᠭ ᠵᠠᠩᠭᠢ᠂ ᠰᠢᠨ᠎ᠡ  ᠬᠡᠷᠡᠭᠯᠡᠭᠳᠡᠬᠦᠨ ᠢ ᠣᠯᠵᠤ ᠠᠪᠬᠤ ᠶᠢ ᠢᠮᠠᠭᠲᠠ ᠬᠢᠴᠢᠶᠡᠭᠰᠡᠭᠡᠷ ᠢᠷᠡᠪᠡ᠃ 2003 ᠣᠨ ᠠᠴᠠ 2005 ᠣᠨ  ᠪᠤᠯᠲᠠᠯ᠎ᠠ ᠲᠡᠷᠡ ᠪᠠᠷ  ᠶᠠᠫᠤᠨ ᠤᠯᠤᠰ ᠤᠨ ᠲᠣᠣᠺᠢᠤ᠋ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠽᠢᠶ᠎ᠠ  ᠠᠹᠢᠷᠢᠺᠠ ᠶᠢᠨ ᠬᠡᠯᠡ ᠰᠣᠶᠣᠯ ᠰᠤᠳᠤᠯᠬᠤ ᠬᠦᠷᠢᠶᠡᠯᠡᠩ ᠳᠤ  ᠭᠠᠳᠠᠭᠠᠳᠤ ᠠᠴᠠ ᠤᠷᠢᠭᠰᠠᠨ ᠤᠨᠴᠠᠭᠠᠢ  ᠰᠤᠳᠤᠯᠤᠭᠠᠴᠢ ᠶᠢᠨ ᠬᠤᠪᠢ ᠪᠠᠷ ᠪᠦᠲᠦᠨ ᠬᠤᠶᠠᠷ ᠵᠢᠯ ᠠᠵᠢᠯᠯᠠᠵᠤ᠂ ᠶᠠᠫᠤᠨ ᠳᠤ ᠬᠠᠳᠠᠭᠠᠯᠠᠭᠳᠠᠵᠤ ᠪᠦᠬᠦᠢ ᠲᠡᠦᠬᠡᠨ   ᠮᠠᠲ᠋ᠧᠷᠢᠶᠠᠯ ᠢ ᠠᠰᠢᠭᠯᠠᠨ ᠥᠪᠥᠷ ᠮᠣᠩᠭᠤᠯ ᠤᠨ ᠣᠷᠴᠢᠨ ᠦᠶ᠎ᠡ ᠶᠢᠨ ᠨᠡᠶᠢᠭᠡᠮ ᠤᠨ ᠬᠤᠪᠢᠷᠠᠯᠲᠠ ᠶᠢᠨ ᠲᠤᠬᠠᠢ  ᠰᠤᠳᠤᠯᠭ᠎ᠠ ᠬᠢᠵᠡᠢ᠃ ᠪᠠᠰᠠ ᠳ᠋ᠠᠨᠮᠠᠷᠺ᠂ ᠠᠮᠧᠷᠢᠺᠠ᠂  ᠭᠧᠷᠮᠠᠨ᠂ ᠺᠠᠨᠠᠳᠠ᠂ ᠤᠷᠤᠰ ᠵᠡᠷᠭᠡ ᠤᠯᠤᠰ ᠣᠷᠣᠨ ᠳᠤ ᠬᠦᠷᠴᠦ᠂  ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠳᠤ ᠣᠷᠣᠯᠴᠠᠨ ᠶᠠᠷᠢᠶ᠎ᠠ ᠢᠯᠡᠳᠬᠡᠯ  ᠲᠠᠯᠪᠢᠵᠤ᠂ ᠭᠠᠳᠠᠭᠠᠳᠤ ᠶᠢᠨ  ᠡᠷᠳᠡᠮᠲᠡᠳ ᠲᠠᠢ ᠡᠷᠳᠡᠮ ᠤᠨ ᠰᠢᠮ᠎ᠡ ᠶᠢ ᠬᠤᠪᠢᠶᠠᠯᠴᠠᠨ᠂ ᠮᠡᠳᠡᠯᠭᠡ ᠶᠢᠨ ᠴᠠᠷᠠᠭ᠎ᠠ ᠪᠠᠨ ᠥᠷᠭᠡᠳᠬᠡᠵᠡᠢ᠃ ᠡᠳᠦᠭᠡ  ᠰᠣᠳᠣᠪᠢᠯᠢᠭ᠌  ᠫᠷᠤᠹᠧᠰᠰᠤᠷ ᠲᠤᠬᠠᠶᠢᠯᠠᠭᠰᠠᠨ ᠵᠠᠰᠠᠭ ᠵᠠᠬᠢᠷᠭᠠᠨ ᠤ ᠠᠵᠢᠯ᠂ ᠬᠢᠴᠢᠶᠡᠯ ᠬᠥᠮᠦᠵᠢᠯ᠂ ᠰᠤᠳᠤᠯᠭᠠᠨ ᠤ  ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠶᠢᠨ  ᠡᠷᠳᠡᠮ ᠰᠢᠨᠵᠢᠯᠡᠭᠡᠨ ᠤ ᠠᠵᠢᠯ ᠤᠨ ᠲᠤᠰᠢᠶᠠᠯ ᠢ  ᠳᠠᠪᠬᠤᠷ ᠬᠠᠷᠢᠭᠤᠴᠠᠵᠤ᠂ ᠢᠯᠠᠩᠭᠤᠶ᠎ᠠ ᠮᠣᠩᠭᠤᠯ ᠲᠡᠦᠬᠡ ᠶᠢᠨ ᠰᠤᠳᠤᠯᠭᠠᠨ ᠤ ᠡᠷᠳᠡᠮ ᠰᠢᠨᠵᠢᠯᠡᠭᠡᠨ ᠤ ᠲᠣᠮᠣᠬᠠᠨ   ᠬᠤᠷᠠᠯ ᠢ ᠵᠣᠬᠢᠶᠠᠨ ᠪᠠᠶᠢᠭᠤᠯᠵᠤ᠂ ᠮᠣᠩᠭᠤᠯ ᠤᠨ ᠲᠡᠦᠬᠡ ᠶᠢᠨ ᠰᠤᠳᠤᠯᠭᠠᠨ ᠤ ᠦᠢᠯᠡᠰ ᠢ ᠳᠡᠯᠭᠡᠷᠡᠭᠦᠯᠦᠨ  ᠬᠥᠭᠵᠢᠭᠦᠯᠬᠦ ᠠᠵᠢᠯ ᠳᠤ ᠬᠦᠴᠦᠯᠡᠨ ᠵᠢᠳᠬᠦᠵᠦ ᠪᠤᠢ᠃     
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ