ᠣᠶᠢᠷ᠎ᠠ ᠳᠤ᠂ ᠭᠠᠩ ᠬᠠᠭᠤᠷᠠᠢ᠂ ᠶᠡᠭᠡ ᠰᠠᠯᠬᠢᠨ ᠤ ᠲᠤᠶᠢᠯ ᠤᠨ ᠶᠡᠭᠡ ᠴᠠᠭ ᠠᠭᠤᠷ ᠤᠨ ᠨᠥᠯᠥᠭᠡ ᠠᠴᠠ ᠪᠣᠯᠵᠤ᠂ ᠣᠶ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠲᠦᠭᠰᠢᠭᠦᠷᠢ ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠰᠢᠨᠡᠭᠡᠨ ᠣᠶ ᠰᠢᠭᠤᠢ ᠶᠢᠨ ᠲᠠᠯᠠᠪᠠᠶ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠭᠤᠣᠯᠳᠠᠯᠭ᠎ᠠ ᠲᠠᠢ | ᠪᠠᠶᠢᠷᠢᠯᠠᠭᠤᠯᠤᠯᠲᠠ ᠬᠢᠵᠦ᠂ ᠨᠠᠮᠤᠷ ᠤᠨ ᠰᠡᠷᠭᠡᠶᠢᠯᠡᠯᠲᠡ ᠶᠢᠨ ᠠᠵᠢᠯ ᠢ ᠭᠦᠨᠵᠡᠭᠡᠶᠢᠷᠡᠭᠦᠯᠪᠡ᠃ | | | | | | ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ | ᠵᠠᠩᠭᠢᠯᠠᠭ᠎ᠠ ᠪᠣᠯᠣᠨ᠎ᠠ᠃ 10 ᠰᠠᠷ᠎ᠠ ᠶᠢᠨ 18 ᠤ ᠡᠳᠦᠷ᠂ ᠰᠢᠨᠡᠭᠡᠨ ᠤᠢ ᠰᠢᠭᠤᠢ ᠶᠢᠨ ᠲᠠᠯᠠᠪᠠᠢ ᠶᠢᠨ ᠬᠢᠨ ᠲᠠᠯᠠᠪᠠᠢ ᠶᠢᠨ ᠬᠡᠯᠲᠡᠰ ᠵᠢᠴᠢ ᠡᠯ᠎ᠡ ᠬᠠᠮᠢᠶᠠᠷᠴᠤ | ᠬᠠᠮᠠᠭᠠᠯᠠᠬᠤ ᠦᠷᠳᠡᠭᠡ ᠶᠢᠨ ᠬᠥᠮᠥᠰ ᠢ ᠵᠣᠬᠢᠶᠠᠨ ᠪᠠᠶᠢᠭᠤᠯᠤᠨ ᠲᠠᠷᠢᠶᠠᠯᠠᠩ᠂ ᠮᠠᠯ ᠠᠵᠤ ᠠᠬᠤᠢ ᠶᠢᠨ ᠴᠡᠭ ᠵᠢᠴᠢ ᠭᠤᠣᠯᠳᠠᠯᠭ᠎ᠠ ᠲᠠᠢ ᠣᠷᠣᠨ ᠪᠦᠰᠡ ᠳᠤ | ᠭᠦᠨᠵᠡᠭᠡᠶᠢᠷᠡᠨ ᠲᠣᠭᠤᠷᠢᠨ ᠬᠠᠮᠠᠭᠠᠯᠠᠬᠤ ᠠᠵᠢᠯ ᠥᠷᠨᠢᠭᠦᠯᠪᠡ᠃ ᠬᠢᠯᠢ ᠬᠢᠵᠠᠭᠠᠷ ᠢᠶᠠᠷ ᠲᠣᠭᠤᠷᠢᠨ ᠪᠠᠶᠢᠴᠠᠭᠠᠵᠤ ᠴᠠᠭᠳᠠᠬᠤ ᠬᠡᠯᠪᠡᠷᠢ ᠶᠢ ᠠᠪᠴᠤ᠂ ᠲᠠᠷᠢᠶᠠᠯᠠᠩ ᠮᠠᠯ | ᠠᠵᠤ ᠠᠬᠤᠢ ᠶᠢᠨ ᠴᠢᠭ᠋ ᠤᠨ ᠭᠠᠯ ᠤᠨᠲᠠᠷᠠᠭᠠᠬᠤ ᠮᠠᠰᠢᠨ ᠵᠢᠴᠢ ᠬᠠᠮ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠦᠨᠡᠰᠦᠨ ᠨᠦᠬᠡ ᠭᠠᠷᠭᠠᠭᠰᠠᠨ ᠪᠠᠶᠢᠳᠠᠯ ᠢ | ᠨᠠᠷᠢᠨ ᠪᠠᠶᠢᠴᠠᠭᠠᠵᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠵᠢᠯᠲᠠᠨ ᠤ ᠲᠣᠬᠢᠷᠠᠭᠤᠯᠤᠯᠲᠠ ᠪᠠ ᠲᠠᠷᠢᠶᠠᠯᠠᠩ ᠤᠨ ᠮᠠᠰᠢᠨ ᠪᠠᠭᠠᠵᠢ ᠲᠣᠨᠣᠭᠯᠠᠯ ᠤᠨ ᠪᠠᠶᠢᠳᠠᠯ ᠢ | ᠣᠶᠢᠯᠠᠭᠠᠬᠤ ᠶᠢᠨ ᠬᠠᠮᠲᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃ | ᠭᠠᠯ ᠰᠡᠷᠭᠡᠶᠢᠯᠡᠬᠦ ᠤᠬᠠᠭᠤᠯᠭ᠎ᠠ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ︽ᠰᠢᠲᠠᠷ᠎ᠠ︾ ᠮᠥᠨ᠃ ᠭᠠᠯ | ᠰᠡᠷᠭᠡᠶᠢᠯᠡᠬᠦ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠲᠤ᠂ ᠤᠢ ᠰᠢᠭᠤᠢ ᠶᠢᠨ ᠲᠠᠯᠠᠪᠠᠢ ᠶᠢᠨ ᠬᠢᠨ ᠭᠤᠣᠯᠳᠠᠯᠭ᠎ᠠ ᠲᠠᠢ ᠣᠷᠣᠨ ᠪᠦᠰᠡ ᠶᠢᠨ | ᠤᠬᠠᠭᠤᠯᠭ᠎ᠠ ᠶᠢᠨ ᠠᠵᠢᠯ ᠢ ᠣᠨᠴᠠᠭᠠᠶᠢᠯᠠᠨ ᠴᠢᠩᠭᠠᠳᠬᠤᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ᠂ ᠨᠡᠶᠢᠲᠡ 3 ᠮᠠᠰᠢᠨ16 ᠬᠥᠮᠥᠨ ᠣᠷᠣᠯᠴᠠᠨ᠂ | ᠲᠡᠷᠭᠡᠨ ᠳᠡᠭᠡᠷ᠎ᠡ ᠠᠴᠠ ᠲᠠᠭᠤᠨ ᠳᠠᠪᠲᠠᠮᠵᠢ ᠶᠢ ᠵᠠᠯᠭ᠎ᠠ ᠨᠡᠪᠲᠡᠷᠡᠭᠦᠯᠵᠦ᠂ 30 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ | ᠠᠪᠴᠠᠯ ᠢᠶᠠᠷ ᠭᠠᠯ ᠰᠡᠷᠭᠡᠶᠢᠯᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | | |