10 ᠰᠠᠷ᠎ᠠ ᠶᠢᠨ 18 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠤᠣ ᠬᠤᠶ ᠷᠠᠨ ᠬᠤᠰᠢᠭᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠣᠶᠢᠷ᠎ᠠ ᠶᠢᠨ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠠᠬᠢᠭᠤᠯᠤᠭᠰᠠᠨ ᠪᠠᠶᠢᠳᠠᠯ᠂ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠭᠦᠸᠧ ᠢᠦᠢ ᠯᠢᠩ᠂ ᠯᠦ ᠴᠤᠸᠠᠨ | ᠱᠧᠨ᠂ ᠸᠧᠢ ᠵᠧᠩ᠂ ᠵᠦᠸᠧ ᠷᠧᠨ᠂ ᠸᠠᠨ ᠬᠤᠩ ᠢᠦᠢ᠂ ᠹᠦ᠋ ᠴᠢᠩ ᠬᠤᠷᠠᠯ ᠳᠤ ᠣᠷᠣᠯᠴᠠᠪᠠ᠃ | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠳᠥᠷᠪᠡᠳᠦᠭᠡᠷ ᠤᠯᠠᠷᠢᠯ ᠪᠣᠯ ᠪᠦᠬᠦ ᠵᠢᠯ ᠤᠨ ᠠᠵᠢᠯ ᠢ ᠰᠢᠢᠳᠴᠦ᠂ ᠪᠦᠬᠦ ᠲᠠᠯ᠎ᠠ ᠶᠢᠨ ᠠᠵᠢᠯ ᠵᠠᠪᠰᠠᠷᠯᠠᠬᠤ | ᠱᠠᠲᠤ ᠮᠥᠨ᠂ ᠪᠠᠰᠠ ᠴᠤ ᠢᠷᠡᠬᠦ ᠵᠢᠯ ᠤᠨ ᠠᠵᠢᠯ ᠤᠨ ᠰᠢᠨ᠎ᠡ ᠪᠠᠶᠢᠳᠠᠯ ᠢ ᠪᠤᠶ ᠪᠣᠯᠭᠠᠬᠤ ᠡᠬᠢᠯᠡᠯᠲᠡ ᠶᠢᠨ ᠱᠠᠲᠤ ᠮᠥᠨ᠂ ᠡᠯ᠎ᠡ ᠰᠠᠯᠠᠭ᠎ᠠ ᠮᠥᠴᠢᠷ ᠤᠨ ᠬᠢᠨ | ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠢᠯᠯᠠᠬᠤ ᠣᠷᠮ᠎ᠠ ᠪᠠᠨ ᠭᠦᠢᠴᠡᠳ ᠳᠠᠶᠢᠴᠢᠯᠠᠨ᠂ ᠪᠦᠬᠦ ᠵᠢᠯ ᠤᠨ | ᠬᠠᠷᠠᠯᠲᠠ ᠪᠠᠨ ᠵᠤᠷᠢᠵᠣ᠂ ᠡᠴᠦᠰ ᠲᠤᠨᠢ ᠲᠤᠯᠲᠠᠯ᠎ᠠ ᠠᠳᠬᠤᠬᠤ ᠰᠤᠷᠲᠠᠯ ᠢ ᠦᠷᠭᠦᠯᠵᠢᠯᠡᠨ ᠴᠢᠩᠭᠠᠳᠬᠠᠨ᠂ ᠳᠥᠷᠪᠡᠳᠦᠭᠡᠷ ᠤᠯᠠᠷᠢᠯ ᠤᠨ ᠰᠢᠢᠳᠪᠦᠷᠢᠲᠦ | ᠪᠠᠶᠢᠯᠳᠤᠭᠠᠨ ᠢᠶᠠᠷ ᠡᠴᠦᠰ ᠤᠨ ᠰᠢᠪᠲᠤᠯᠤᠯᠲᠠ ᠬᠢᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ | ᠳᠡᠭᠡᠭᠰᠢᠯᠡᠬᠦ ᠶᠢ ᠴᠢᠷᠮᠠᠶᠢᠨ ᠠᠬᠢᠭᠤᠯᠤᠨ᠎ᠠ᠃ | ᠬᠤᠷᠠᠯ ᠠᠴᠠ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠢᠲᠡᠭᠡᠯ ᠵᠣᠷᠢᠭ ᠢᠶᠠᠨ ᠬᠥᠪᠴᠢᠯᠡᠵᠦ᠂ ᠠᠵᠢᠯᠯᠠᠭᠠᠨ ᠤ | ᠲᠣᠬᠢᠷᠠᠭᠤᠯᠤᠯᠲᠠ ᠪᠠᠨ ᠴᠢᠩᠭᠠᠳᠬᠠᠵᠤ᠂ ᠰᠠᠭᠤᠭ᠎ᠠ ᠭᠠᠵᠠᠷ ᠤᠨ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠭᠤᠣᠯᠳᠠᠯᠭ᠎ᠠ ᠲᠠᠢ ᠠᠩᠬᠠᠷᠴᠤ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠮᠥᠰᠥ | ᠴᠠᠰᠤᠨ ᠤ ᠵᠤᠭᠠᠴᠠᠯ ᠤᠨ ᠲᠥᠯᠦᠪᠵᠢᠭᠦᠯᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ ᠰᠢᠵᠢᠷ ᠠᠯᠳᠠᠨ ᠤᠯᠠᠷᠢᠯ ᠢ ᠠᠮᠵᠢᠵᠤ᠂ ᠲᠦᠷᠦᠯ ᠵᠦᠢᠯ ᠤᠨ | ᠲᠥᠯᠦᠪᠵᠢᠭᠦᠯᠭᠡ ᠶᠢ ᠰᠠᠶᠢᠲᠤᠷ ᠬᠢᠵᠦ᠂ ᠴᠢᠨᠠᠷ ᠰᠠᠶᠢᠲᠠᠢ ᠲᠦᠷᠦᠯ ᠵᠦᠢᠯ ᠤᠨ ᠲᠥᠯᠦᠪᠵᠢᠭᠦᠯᠭᠡ᠂ ᠲᠠᠨᠢᠯᠴᠠᠭᠤᠯᠭ᠎ᠠ ᠪᠠ ᠠᠷᠠᠯᠵᠢᠶᠠᠴᠢᠨ ᠤᠷᠢᠬᠤ ᠶᠢ | ᠦᠷᠭᠦᠯᠵᠢᠯᠡᠨ ᠰᠠᠶᠢᠲᠤᠷ ᠬᠢᠵᠦ᠂ ᠠᠷᠠᠯᠵᠢᠶᠠᠴᠢᠨ ᠤᠷᠢᠬᠤ ᠬᠢᠷᠢ ᠬᠡᠮ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠠᠵᠤ ᠠᠬᠤᠶᠢᠯᠠᠯ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ | ᠬᠡᠷᠡᠭᠲᠡᠢ᠃ ᠨᠤᠲᠤᠭ ᠪᠡᠯᠴᠢᠭᠡᠷ ᠤᠨ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ︽ᠭᠤᠷᠪᠠ ᠶᠢ ᠬᠤᠪᠢᠷᠠᠭᠤᠯᠬᠤ | ᠥᠭᠡᠷᠡᠴᠢᠯᠡᠯᠲᠡ︾᠂ ᠭᠤᠷᠪᠠ ᠶᠢ ᠨᠢᠭᠡ ᠴᠣᠭᠴᠠᠵᠢᠭᠤᠯᠬᠤ ᠵᠠᠭᠪᠤᠷ᠂ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠶᠠᠭᠠᠷᠠᠪᠴᠢᠯᠠᠬᠤ ᠤᠬᠠᠮᠰᠠᠷ ᠢᠶᠠᠨ ᠴᠢᠩᠭᠠᠳᠬᠠᠵᠤ᠂ ᠣᠨ ᠤ ᠬᠢᠨᠠᠨ | ᠰᠢᠯᠭᠠᠬᠤ ᠠᠵᠢᠯ ᠤᠨᠡᠭᠦᠷᠭᠡ ᠳᠤ ᠲᠦᠪᠯᠡᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠡᠷᠴᠢᠮ ᠲᠠᠢ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠪᠥᠬᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠳᠠᠲᠣ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ | | |