ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠠᠮ ᠲᠡᠭᠡᠭᠡᠪᠦᠷᠢ ᠶᠢᠨ ︽ᠬᠠᠤᠯᠢ ᠪᠤᠰᠤ ᠦᠶᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠪᠤᠰᠤ ᠦᠶᠯᠡ ᠠᠵᠢᠯᠯᠠᠭ᠎ᠠ ᠶᠢ ᠵᠠᠰᠠᠬᠤ︾᠂ ᠪᠠᠷᠠᠭᠠᠨ ᠤ ᠲᠡᠷᠭᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠵᠡᠷᠭᠡ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/30
        ᠵᠠᠬᠢᠷᠭᠠᠨ ᠤ ᠮᠡᠳᠡᠯ ᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠣᠮᠵᠢᠭᠤᠯᠵᠤ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠣᠯᠠᠬᠤ ᠶᠢᠨ ᠲᠦᠯᠦᠭᠡ᠂ ᠣᠶᠢᠷ᠎ᠠ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ︽ᠴᠠᠭ ᠬᠤᠪᠢᠶᠠᠨ᠂ ᠣᠷᠣᠨ ᠪᠦᠰᠡ ᠬᠤᠪᠢᠶᠠᠬᠤ︾ ᠠᠷᠭ᠎ᠠ ᠢᠶᠠᠷ ᠳ᠋ᠠ ᠶᠠᠨ ᠪᠠᠯᠭᠠᠰᠤ᠂ ᠢᠮᠢᠨ ᠭᠤᠣᠯ ᠪᠠᠯᠭᠠᠰᠤᠨ ᠤ ᠭᠤᠣᠯ ᠵᠠᠮ ᠳᠡᠭᠡᠷ᠎ᠡ ᠭᠦᠨᠵᠡᠭᠡᠶᠢᠷᠡᠵᠦ ᠪᠠᠷᠠᠭᠠᠨ ᠤ ᠲᠡᠷᠭᠡ ᠶᠢᠨ ᠳᠠᠭᠠᠭᠠᠴᠠ  ᠠᠴᠠ ᠬᠡᠲᠦᠷᠡᠲᠡᠯ᠎ᠡ ᠠᠴᠢᠶᠠᠯᠠᠬᠤ᠂ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠪᠠ᠃       ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ᠄ ᠬᠠᠤᠯᠢ ᠬᠡᠷᠡᠭᠵᠢᠭᠦᠯᠬᠦ ᠠᠵᠢᠯᠲᠠᠨ ᠠᠴᠠ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ᠂ ᠰᠣᠷᠠᠭ ᠵᠠᠩᠭᠢ ᠶᠢᠨ ᠰᠢᠵᠢᠮ ᠰᠦᠪᠡᠭᠴᠢ ᠶᠢ ᠵᠢᠭᠰᠠᠭᠠᠬᠤ᠂ ᠲᠣᠭᠤᠷᠢᠨ ᠪᠠᠶᠢᠴᠠᠭᠠᠵᠤ ᠮᠥᠷᠳᠡᠬᠦ ᠵᠡᠷᠭᠡ ᠠᠷᠭ᠎ᠠ ᠵᠠᠮ ᠢ ᠶᠡᠷᠦᠩᠬᠡᠶᠢᠯᠡᠨ ᠠᠰᠢᠭᠯᠠᠵᠤ᠂ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠵᠡᠭᠳᠡᠯ ᠳᠤ ᠭᠤᠣᠯᠳᠠᠯᠭ᠎ᠠ ᠲᠠᠢ ᠴᠣᠬᠢᠯᠲᠠ ᠥᠭᠬᠦ ᠶᠢᠨ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠫᠠᠶᠢᠰᠠ ᠲᠡᠮᠲᠡᠭ ᠦᠭᠡᠢ ᠮᠠᠰᠢᠨᠲᠤ ᠲᠡᠷᠭᠡ᠂ ᠬᠠᠤᠯᠢ ᠠᠴᠠ ᠵᠥᠷᠢᠴᠡᠨ ᠠᠶᠠᠨᠴᠢᠳ ᠢ ᠲᠡᠭᠡᠭᠡᠪᠦᠷᠢᠯᠡᠬᠦ ᠮᠡᠲᠦ ᠶᠢᠨ ᠬᠤᠣᠷ ᠬᠥᠨᠥᠭᠡᠯᠳᠦ ᠴᠢᠨᠠᠷ ᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠎ᠡ᠃           ᠳᠠᠭᠠᠭᠠᠴᠠ‌ᠡᠴᠡ ᠬᠡᠲᠦᠷᠡᠭᠦᠯᠵᠦ ᠠᠴᠢᠶᠠᠯᠠᠬᠤ ᠶᠢ ᠵᠠᠰᠠᠬᠤ᠄ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠪᠠᠨ ᠵᠠᠮ ᠬᠠᠷᠢᠯᠴᠠᠭᠠᠨ ᠤ ᠪᠣᠳᠠᠲᠠᠢ ᠪᠠᠶᠢᠳᠠᠯ ᠵᠢᠴᠢ ︽ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ︾ ᠲᠣᠮᠣ ᠪᠠᠷᠠᠭᠠᠨ ᠤ ᠲᠡᠷᠭᠡ ᠶᠢᠨ ᠶᠠᠪᠤᠬᠤ ᠵᠢᠮ᠎ᠡ ᠲᠠᠢ ᠤᠶᠠᠯᠳᠤᠭᠤᠯᠤᠨ᠂ ᠡᠳᠦᠷ ᠢᠶᠠᠷ ᠴᠠᠭ ᠵᠥᠷᠢᠭᠦᠯᠦᠨ ᠪᠠᠶᠢᠴᠠᠭᠠᠬᠤ + ᠰᠥᠨᠢ ᠪᠠᠷ ᠨᠡᠭᠦᠭᠡᠯᠳᠦᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ X358 ᠬᠠᠶᠢᠯᠠᠷ ᠢᠮᠢᠨ ᠵᠠᠰᠠᠮᠠᠯ ᠵᠠᠮ ᠤᠨ ᠠᠭᠤᠯᠵᠠᠷ᠂ ᠲᠦᠩ ᠳ᠋ᠡ ᠵᠠᠮ ᠤᠨ ᠠᠭᠤᠯᠵᠠᠷ᠂ ᠡᠸᠡᠩᠬᠢ ᠴᠠᠬᠢᠯᠭᠠᠨ ᠤ ᠦᠢᠯᠡᠳᠪᠦᠷᠢ ᠶᠢᠨ ᠵᠠᠮ ᠤᠨ ᠠᠭᠤᠯᠵᠠᠷ ᠵᠡᠷᠭᠡ ᠴᠢᠬᠤᠯᠠ ᠵᠠᠮ ᠤᠨ ᠬᠡᠰᠡᠭ ᠲᠤ ᠲᠡᠷᠭᠡ ᠬᠥᠰᠬᠡ ᠶᠢᠨ ᠳᠠᠭᠠᠭᠠᠴᠠ‌ᠡᠴᠡ ᠬᠡᠲᠦᠷᠡᠲᠡᠯ᠎ᠡ ᠠᠴᠢᠶᠠᠯᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 17 ᠪᠠᠷᠠᠭᠠᠨ ᠤ ᠲᠡᠷᠭᠡ ᠶᠢ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ 3 ᠲᠡᠷᠭᠡ ᠶᠢ ᠢᠯᠡᠷᠡᠭᠦᠯᠦᠭᠰᠡᠨ ᠪᠥᠭᠡᠳ ᠲᠣᠭᠲᠠᠭᠠᠯ ᠠᠴᠠ ᠵᠥᠷᠢᠴᠡᠭᠰᠡᠨ ᠲᠡᠷᠭᠡ ᠶᠢ ᠴᠢᠩᠭ᠎ᠠ ᠰᠢᠢᠳᠪᠦᠷᠢᠯᠡᠭᠰᠡᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠬᠠᠤᠯᠢ ᠪᠤᠰᠤ ᠪᠠᠷ ᠡᠵᠡᠩᠨᠡᠬᠦ︾ ᠪᠠ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠮ ᠳᠡᠭᠡᠷ᠎ᠡ ᠲᠣᠭᠤᠷᠢᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠡᠵᠡᠩᠨᠡᠬᠦ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠦᠶᠯᠡ ᠠᠵᠢᠯᠯᠠᠭ᠎ᠠ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃  
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ