ᠬᠤᠢ ᠭᠤᠣᠯ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠧᠨ ᠱᠧᠩ  ᠬᠠᠷᠢᠭᠤᠴᠠᠯᠭ᠎ᠠ ᠶᠢᠨ ᠲᠣᠭᠳᠠᠯᠴᠠᠭ᠎ᠠ ᠲᠠᠢ ᠭᠠᠴᠠᠭ᠎ᠠ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/30
       ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠶᠢᠨ ᠲᠦᠯᠦᠭᠡ 10 ᠰᠠᠷ᠎ᠠ ᠶᠢᠨ 28  ᠤ ᠡᠳᠦᠷ᠂ ᠬᠤᠢ ᠭᠤᠣᠯ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠧᠨ ᠱᠧᠩ ᠬᠤᠢ ᠰᠤᠮᠤ ᠶᠢᠨ ᠬᠠᠺᠮᠦ ᠭᠠᠴᠠᠭ᠎ᠠ ᠳᠤ ᠭᠦᠨᠵᠡᠭᠡᠶᠢᠷᠡᠵᠦ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠤᠢ ᠰᠤᠮᠤ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠲᠣᠰ ᠠᠵᠢᠯᠯᠠᠭ᠎ᠠ ᠳᠤ ᠣᠷᠣᠯᠴᠠᠪᠠ᠃       ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠬᠤ  ᠪᠠᠷ ᠭᠤᠣᠯᠳᠠᠭᠤᠯᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠦᠨᠳᠦ ᠴᠢᠬᠤᠯᠠ ᠠᠷᠭ᠎ᠠ ᠬᠡᠮᠵᠢᠶ᠎ᠡ ᠪᠣᠯᠣᠨ ᠮᠠᠯᠵᠢᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠬᠤ ᠶᠢ ᠪᠦᠬᠦ ᠲᠠᠯ᠎ᠠ ᠪᠠᠷ ᠣᠨᠣᠪᠴᠢᠲᠠᠶ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠭᠦᠨᠵᠡᠭᠡᠢ ᠲᠠᠶᠢᠯᠤᠮᠵᠢ ᠬᠢᠵᠡᠢ᠃       ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠃ ᠰᠤᠷᠤᠯᠴᠠᠬᠤ ᠶᠢᠨ ᠳᠠᠭᠠᠤ ᠰᠡᠳᠬᠢᠵᠦ᠂ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ ᠳᠤᠮᠳᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠪᠠᠲᠤ ᠡᠵᠡᠮᠳᠡᠬᠦ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠮᠡᠳᠡᠬᠦᠢ ᠬᠢᠬᠦᠢ ᠶᠢ ᠨᠢᠭᠡᠳᠬᠡᠵᠦ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠤᠢ ᠰᠤᠮᠤᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠪᠣᠯᠣᠨ ᠬᠠᠺᠮᠦ ᠭᠠᠴᠠᠭᠠᠨ ᠤ ᠮᠠᠯᠴᠢᠳ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠯᠠᠮᠵᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠠᠰᠢᠭ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
20241030-2-1.png
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ