110 ᠲᠦᠭᠰᠢᠭᠦᠷᠢ ᠮᠡᠳᠡᠭᠦᠯᠬᠦ
ᠨᠡᠶᠢᠲᠡᠯᠡᠭᠰᠡᠨ ᠴᠠᠭ᠄
2024/10/30
      110 ᠲᠦᠭᠰᠢᠭᠦᠷᠢ ᠮᠡᠳᠡᠭᠦᠯᠬᠦ ᠲᠠᠪᠴᠠᠩ ︵ᠤᠤᠯ ᠤᠨ 110᠂ 119᠂ 112 ᠭᠤᠷᠪᠠᠨ ᠲᠠᠪᠴᠠᠩ ᠢ ᠨᠢᠭᠡᠳᠬᠡᠵᠦ 110 ᠪᠣᠯᠭᠠᠪᠠ︶ ᠣᠯᠠᠨ ᠲᠦᠮᠡᠨ ᠤ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠬᠤ ᠪᠠ ᠵᠠᠮ ᠬᠠᠷᠢᠯᠴᠠᠭ᠎ᠠ᠂ ᠭᠠᠯ ᠤᠨ ᠠᠶᠤᠯ ᠤᠨ ᠠᠳᠡᠯ ᠤᠨ ᠲᠦᠭᠰᠢᠭᠦᠷᠢ ᠮᠡᠳᠡᠭᠦᠯᠦᠭᠰᠡᠨ ᠢ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠨ᠎ᠡ᠃ 110 ᠲᠦᠭᠰᠢᠭᠦᠷᠢ ᠮᠡᠳᠡᠭᠦᠯᠬᠦ ᠲᠠᠪᠴᠠᠩ ᠤᠨ ᠤᠯᠠᠨ ᠲᠦᠮᠡᠨ ᠤ ᠲᠦᠭᠰᠢᠭᠦᠷᠢ ᠮᠡᠳᠡᠭᠦᠯᠦᠭᠰᠡᠨ ᠢ ᠭᠥᠯᠢᠶᠡᠨ ᠠᠪᠴᠤ ᠰᠢᠢᠳᠪᠦᠷᠢᠯᠡᠬᠦ  ᠬᠡᠪᠴᠢᠶ᠎ᠡ᠄      ︵1︶ ᠡᠷᠡᠭᠦᠦ ᠶᠢᠨ ᠬᠡᠷᠡᠭ︔      ︵2︶ ᠠᠮᠤᠷ ᠢ ᠬᠠᠮᠠᠭᠠᠯᠠᠬᠤ ᠬᠡᠷᠡᠭ ︵ᠤᠴᠢᠷ︶︔      ︵3︶ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠲᠦᠭᠰᠢᠭᠦᠷᠢᠲᠡᠢ ᠪᠦᠯᠦᠭᠯᠡᠯ ᠴᠢᠨᠠᠷᠲᠠᠢ ᠬᠡᠷᠡᠭ︔      ︵4︶ ᠪᠠᠶᠢᠭᠠᠯᠢ ᠶᠢᠨ ᠭᠠᠮᠰᠢᠭ᠂ ᠠᠮᠤᠷ ᠢ ᠬᠠᠮᠠᠭᠠᠯᠠᠬᠤ ᠭᠠᠮᠰᠢᠭ ᠤᠨ ᠠᠳᠡᠯ︔      ︵5︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠢᠳᠪᠦᠷᠢᠯᠡᠬᠦ ᠴᠢᠬᠤᠯᠠ ᠲᠠᠢ ᠬᠠᠤᠯᠢ ᠠᠴᠠ ᠵᠥᠷᠢᠴᠡᠨ ᠶᠠᠯ᠎ᠠ ᠬᠢᠭᠰᠡᠨ ᠯᠦᠭᠡ ᠬᠠᠮᠢᠶ᠎ᠠ ᠲᠠᠢ ᠪᠤᠰᠤᠳ ᠲᠦᠭᠰᠢᠭᠦᠷᠢ ᠮᠡᠳᠡᠭᠦᠯᠬᠦ᠃     ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄     110 ᠪᠣᠯ ᠳ᠋ᠢᠶᠠᠩᠬᠤᠸᠠ ᠶᠢᠨ ᠵᠠᠷᠤᠳᠠᠯ ᠬᠤᠷᠢᠶᠠᠬᠤ ᠦᠭᠡᠢ ᠪᠥᠭᠡᠳ ᠲᠣᠭᠲᠠᠮᠠᠯ ᠳ᠋ᠢᠶᠠᠩᠬᠤᠸᠠ᠂ ᠰᠢᠯᠵᠢᠮᠡᠯ ᠳ᠋ᠢᠶᠠᠩᠬᠤᠸᠠ ᠪᠠᠷ ᠰᠢᠭᠤᠳ ᠤᠲᠠᠰᠤᠳᠠᠵᠤ ᠪᠣᠯᠣᠨ᠎ᠠ︔ ᠣᠨᠳᠣᠣ ᠭᠠᠵᠠᠷ ᠠᠴᠠ ᠬᠡᠷᠡᠭ ᠡᠭᠦᠰᠦᠭᠰᠡᠨ ᠭᠠᠵᠠᠷ ᠤᠨ 110᠎ ᠶᠢ ᠤᠲᠠᠰᠤᠳᠠᠪᠠᠯ᠂ ᠬᠡᠷᠡᠭ ᠡᠭᠦᠰᠦᠭᠰᠡᠨ ᠭᠠᠵᠠᠷ ᠣᠷᠣᠨ ᠤ ᠨᠣᠮᠧᠷ ᠢ ᠤᠷᠢᠳᠠᠪᠠᠷ ᠳ᠋ᠤᠭᠠᠷᠳᠠᠵᠤ᠂ ᠳᠠᠷᠠᠭ᠎ᠠ ᠨᠢ 110᠎ ᠶᠢ ᠤᠲᠠᠰᠤᠳᠠᠨ᠎ᠠ᠃     ᠲᠦᠭᠰᠢᠭᠦᠷᠢ ᠮᠡᠳᠡᠭᠦᠯᠬᠦ ᠳᠡᠭᠡᠨ ᠬᠡᠷᠡᠭ ᠭᠠᠷᠤᠭᠰᠠᠨ ᠴᠠᠭ ᠬᠤᠭᠤᠴᠠᠭ᠎ᠠ᠂ ᠣᠷᠣᠨ ᠪᠠᠶᠢᠷᠢ᠂ ᠥᠪᠡᠷ ᠤᠨ ᠣᠪᠣᠭ ᠨᠡᠷ᠎ᠡ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠨ ᠲᠣᠳᠣᠷᠬᠠᠢ ᠶᠠᠷᠢᠵᠤ ᠥᠭᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠠᠮᠠᠷ ᠭᠠᠵᠠᠷ ᠪᠣᠯᠬᠤ ᠶᠢ ᠮᠡᠳᠡᠬᠦ ᠦᠭᠡᠢ ᠪᠣᠯ ᠲᠤᠬᠠᠢ ᠶᠢᠨ ᠲᠠᠯᠠᠪᠠᠢ ᠶᠢᠨ ᠣᠶᠢᠷ᠎ᠠ ᠬᠠᠪᠢ ᠳᠠᠬᠢ ᠢᠯᠡᠷᠬᠡᠢ ᠲᠡᠮᠳᠡᠭ ᠪᠣᠯᠬᠤ ᠪᠠᠷᠢᠯᠭ᠎ᠠ᠂ ᠲᠣᠮᠣ ᠬᠡᠯᠪᠡᠷᠢ ᠶᠢᠨ ᠲᠠᠯᠠᠪᠤᠷ᠂ ᠣᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠨᠢᠭᠡᠴᠡ ᠶᠢᠨ ᠨᠡᠷᠡᠶᠢᠳᠦᠯ ᠵᠡᠷᠭᠡ ᠶᠢ ᠬᠠᠩᠭᠠᠵᠤ ᠪᠣᠯᠣᠨ᠎ᠠ᠃     ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠵᠤ᠂ ᠠᠷᠠᠳ ᠤᠨ ᠴᠠᠭᠳᠠᠭ᠎ᠠ ᠭᠡᠷᠡᠴᠢ ᠠᠪᠬᠤ ᠳᠤ ᠳᠦᠭᠦᠮ ᠦᠵᠡᠭᠦᠯᠦᠨ᠎ᠡ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ