122 ᠵᠠᠮ ᠬᠠᠷᠢᠯᠴᠠᠭᠠᠨ ᠤ ᠠᠳᠡᠯ ᠤᠨ ᠲᠦᠭᠰᠢᠭᠦᠷᠢ ᠮᠡᠳᠡᠭᠦᠯᠬᠦ ᠳ᠋ᠢᠶᠠᠩᠬᠤᠸᠠ
ᠨᠡᠶᠢᠲᠡᠯᠡᠭᠰᠡᠨ ᠴᠠᠭ᠄
2024/10/30
     ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠤ᠂ ᠪᠠᠶᠢᠳᠠᠯ ᠨᠢ ᠬᠥᠩᠭᠡᠨ ᠰᠢᠭ ᠪᠣᠯ ᠨᠥᠬᠦᠷᠰᠡᠭ ᠢᠶᠠᠷ ᠵᠥᠪᠳᠡᠯᠴᠡᠭᠡᠳ ᠰᠢᠢᠳᠪᠦᠷᠢᠯᠡᠵᠦ ᠪᠣᠯᠣᠨ᠎ᠠ︔ ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110  ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢ ᠤᠲᠠᠰᠤᠳᠠᠵᠤ ᠪᠣᠯᠣᠨ᠎ᠠ᠃     ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ      ︵1︶  ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃      ︵2︶  ᠭᠠᠵᠠᠷ ᠢ ᠨᠢ ᠲᠣᠳᠣᠷᠬᠠᠢ ᠬᠡᠯᠡᠵᠦ ᠥᠭᠭᠦᠨ᠎ᠡ᠃      ︵3︶ ᠠᠶᠤᠯ ᠤᠨ ᠪᠠᠶᠢᠳᠠᠯ ᠢ ᠲᠣᠳᠣᠷᠬᠠᠢ ᠬᠡᠯᠡᠵᠦ ᠥᠭᠭᠦᠨ᠎ᠡ᠃  ᠠᠳᠡᠯ ᠤᠨ ᠰᠢᠯᠲᠠᠭᠠᠨ ᠪᠠ ᠬᠥᠮᠥᠨ ᠬᠠᠷ᠎ᠠ᠂ ᠮᠠᠰᠢᠨ ᠲᠡᠷᠭᠡᠨ ᠤ ᠭᠡᠮᠲᠦᠵᠦ ᠰᠦᠢᠳᠦᠭᠰᠡᠨ ᠪᠠᠶᠢᠳᠠᠯ ᠢ ᠮᠡᠳᠡᠭᠦᠯᠦᠨ᠎ᠡ᠃      ︵4︶  ᠣᠪᠣᠭ ᠨᠡᠷ᠎ᠡ ᠪᠠᠨ ᠦᠯᠡᠳᠡᠭᠡᠨ᠎ᠡ᠃      ︵5︶ ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠲᠠᠷᠠᠭ᠎ᠠ᠂ ᠬᠡᠷᠡᠭ ᠭᠠᠷᠭᠠᠭᠴᠢ ᠬᠢᠭᠡᠳ ᠡᠷᠬᠢᠨ ᠲᠣᠭᠤᠷᠢᠨ ᠳᠤ ᠪᠠᠶᠢᠭ᠎ᠠ ᠤᠯᠠᠨ ᠲᠦᠮᠡᠨ ᠲᠤᠬᠠᠢ ᠶᠢᠨ ᠲᠠᠯᠠᠪᠠᠢ ᠶᠢ ᠠᠯᠢ ᠴᠢᠳᠠᠬᠤᠶᠢᠴᠠ ᠤᠤᠯ ᠤᠨ ᠬᠡᠪ ᠢᠶᠠᠷ ᠨᠢ ᠪᠠᠶᠢᠯᠭᠠᠬᠤ ᠪᠠᠷ ᠬᠠᠮᠠᠭᠠᠯᠠᠵᠤ᠂ ᠠᠷᠠᠳ ᠤᠨ ᠴᠠᠭᠳᠠᠭ᠎ᠠ ᠠᠳᠡᠯ ᠰᠢᠢᠳᠪᠦᠷᠢᠯᠡᠬᠦ ᠳᠡᠭᠡᠨ ᠪᠣᠳᠠᠰ ᠤᠨ ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠮᠠᠭᠠᠳᠯᠠᠬᠤ ᠳᠤ ᠳᠦᠭᠦᠮ ᠦᠵᠡᠭᠦᠯᠬᠦ ᠬᠡᠷᠡᠭᠲᠡᠢ︔ ᠡᠭᠦᠨ ᠤ ᠬᠠᠮᠲᠤ ᠵᠠᠮ ᠬᠠᠷᠢᠯᠴᠠᠭᠠᠨ ᠤ ᠡᠮᠬᠢ ᠳᠢᠭᠯᠢᠮ ᠢ ᠠᠯᠢ ᠪᠣᠯᠬᠤᠶᠢᠴᠠ ᠬᠠᠷᠰᠢᠯᠠᠬᠤ ᠦᠭᠡᠢ ᠪᠠᠶᠢᠬᠤ ᠶᠢ ᠠᠩᠬᠠᠷᠤᠨ᠎ᠠ᠃ ᠵᠠᠮ ᠬᠠᠷᠢᠯᠴᠠᠭ᠎ᠠ ᠶᠢ ᠬᠠᠷᠰᠢᠯᠠᠭᠰᠠᠨ ᠠᠴᠠ ᠪᠣᠯᠵᠤ ᠲᠤᠬᠠᠢ ᠶᠢᠨ ᠲᠠᠯᠠᠪᠠᠢ ᠶᠢ ᠰᠢᠯᠵᠢᠭᠦᠯᠬᠦ ᠦᠭᠡᠢ ᠪᠠᠶᠢᠬᠤ ᠶᠢᠨ ᠠᠷᠭ᠎ᠠ ᠦᠭᠡᠢ ᠪᠣᠯ ᠤᠷᠢᠳᠠᠪᠠᠷ ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠶᠢ ᠲᠡᠮᠳᠡᠭᠯᠡᠨ ᠲᠣᠳᠣᠷᠬᠠᠶᠢᠯᠠᠬᠤ᠂ ᠡᠰᠡᠬᠦᠯ᠎ᠡ ᠭᠠᠷ ᠤᠲᠠᠰᠤ ᠪᠤᠶᠤ ᠭᠡᠷᠡᠯ ᠵᠢᠷᠤᠭ ᠤᠨ ᠮᠠᠰᠢᠨ ᠢᠶᠠᠷ ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠶᠢ ᠰᠡᠭᠦᠳᠡᠷᠯᠡᠵᠦ ᠠᠪᠤᠭᠠᠳ ᠬᠡᠷᠡᠭ ᠭᠠᠷᠤᠭᠰᠠᠨ ᠮᠠᠰᠢᠨ ᠲᠡᠷᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ ᠭᠠᠵᠠᠷ ᠲᠤ ᠰᠢᠯᠵᠢᠭᠦᠯᠦᠨ᠎ᠡ᠃      ︵6︶ ᠰᠡᠷᠡᠮᠵᠢᠯᠡᠭᠦᠯᠬᠦ ᠲᠡᠮᠳᠡᠭ᠃ ᠵᠠᠮ ᠬᠠᠷᠢᠯᠴᠠᠭᠠᠨ ᠤ ᠠᠳᠡᠯ ᠭᠠᠷᠪᠠᠯ ᠮᠠᠰᠢᠨ ᠲᠡᠷᠭᠡᠨ ᠤ ᠪᠠᠨ ᠡᠷᠬᠢᠨ ᠲᠣᠭᠤᠷᠢᠨ ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠳᠠᠬᠢᠭᠠᠳ ᠠᠳᠡᠯ ᠪᠣᠯᠬᠤ ᠠᠴᠠ ᠵᠠᠶᠢᠯᠠᠰᠬᠢᠯᠭᠡᠬᠦ ᠬᠡᠷᠡᠭᠲᠡᠢ᠃      ︵7︶ ᠲᠡᠷᠭᠡᠨ ᠤ ᠫᠠᠶᠢᠰᠠ ᠶᠢ ᠴᠡᠭᠡᠵᠢᠯᠡᠵᠦ ᠠᠪᠤᠨ᠎ᠠ᠃ ᠬᠡᠷᠡᠭ ᠭᠠᠷᠭᠠᠭᠰᠠᠨ ᠮᠠᠰᠢᠨ ᠲᠡᠷᠭᠡ ᠳᠤᠲᠠᠭᠠᠭᠰᠠᠨ ᠪᠠᠶᠢᠪᠠᠯ᠂ ᠮᠠᠰᠢᠨ ᠲᠡᠷᠭᠡᠨ ᠤ ᠫᠠᠶᠢᠰᠠ᠂ ᠲᠡᠷᠭᠡᠨ ᠤ ᠬᠡᠯᠪᠡᠷᠢ᠂ ᠥᠩᠭᠡ ᠪᠤᠳᠤᠭ ᠵᠡᠷᠭᠡ ᠭᠤᠣᠯ ᠪᠣᠯᠬᠤ ᠣᠨᠴᠠᠯᠢᠭ ᠢ ᠴᠡᠭᠡᠵᠢᠯᠡᠵᠦ ᠠᠪᠬᠤ ᠬᠡᠷᠡᠭᠲᠡᠢ᠃     ᠬᠠᠯᠠᠭᠤᠮᠰᠤᠭ ᠰᠠᠨᠠᠭᠤᠯᠤᠮᠵᠢ     ᠰᠢᠷᠬᠠᠲᠤᠭᠰᠠᠳ ᠢ ᠠᠪᠤᠷᠠᠨ᠎ᠠ᠃ ᠵᠠᠮ ᠬᠠᠷᠢᠯᠴᠠᠭᠠᠨ ᠤ ᠠᠳᠡᠯ ᠠᠴᠠ ᠪᠣᠯᠵᠤ ᠬᠥᠮᠥᠰ ᠰᠢᠷᠬᠠᠲᠤᠭᠰᠠᠨ ᠪᠣᠯ  ᠰᠢᠷᠬᠠᠲᠤᠭᠰᠠᠳ ᠢ ᠴᠠᠭ ᠲᠤᠬᠠᠢ ᠳᠤᠨᠢ ᠠᠪᠤᠷᠠᠬᠤ ᠶᠢᠨ ᠬᠠᠮᠲᠤ 120  ᠡᠮᠴᠢᠯᠡᠭᠡᠨ ᠤ ᠲᠦᠷᠭᠡᠨ ᠠᠪᠤᠷᠠᠬᠤ ᠳ᠋ᠢᠶᠠᠩᠬᠤᠸᠠ ᠶᠢ ᠳᠠᠷᠤᠢ ᠲᠦᠷᠭᠡᠨ ᠤᠲᠠᠰᠤᠳᠠᠬᠤ ᠬᠡᠷᠡᠭᠲᠡᠢ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ