12331 ᠪᠣᠯ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠯᠲᠡᠢ ᠵᠠᠭᠠᠯᠳᠤᠵᠤ ᠢᠯᠡᠴᠢᠯᠡᠨ | ᠮᠡᠳᠡᠭᠦᠯᠬᠦ ᠳ᠋ᠢᠶᠠᠩᠬᠤᠸᠠ ᠪᠣᠯᠣᠨ᠎ᠠ | ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ | ᠤᠯᠠᠨ ᠲᠦᠮᠡᠨ ᠠᠴᠠ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠢᠳᠡᠭᠡᠨ᠂ ᠵᠠᠰᠠᠯ ᠴᠢᠮᠡᠭ ᠤᠨ | ᠡᠳ᠋ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠭᠤᠭᠴᠣᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠭᠤᠯᠠ | ᠤᠮᠳᠠᠭᠠᠨ ᠤ ᠦᠢᠯᠡᠴᠢᠯᠡᠭᠡᠨ ᠤ ᠭᠤᠭᠴᠣᠭᠠᠨ ᠳᠠᠬᠢ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠨ᠎ᠠ᠃ | ᠡᠯ᠎ᠡ ᠱᠠᠲᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠪᠠᠶᠢᠭᠤᠯᠤᠮᠵᠢ ᠪᠠᠶᠢᠭᠤᠯᠵᠤ᠂ ᠢᠯᠡᠴᠢᠯᠡᠨ | ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠲᠡᠢ᠃ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠤᠭᠰᠠᠨ ᠤ ᠳᠠᠷᠠᠭ᠎ᠠ᠂ | ᠲᠤᠰ ᠪᠠᠶᠢᠭᠤᠯᠤᠮᠵᠢ ᠨᠢᠭᠡᠳᠦᠯᠲᠡᠢ ᠳ᠋ᠤᠭᠠᠷᠯᠠᠨ ᠬᠠᠮᠢᠶᠠᠷᠴᠤ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢᠨ ᠬᠠᠮᠲᠤ 5 ᠠᠵᠢᠯᠯᠠᠬᠤ ᠡᠳᠦᠷ ᠤᠨ ᠳᠣᠲᠣᠷ᠎ᠠ | ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ ᠰᠢᠢᠳᠪᠦᠷᠢ ᠭᠠᠷᠭᠠᠬᠤ ᠬᠡᠷᠡᠭᠲᠡᠢ᠃ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠡᠲᠡᠭᠡᠳ ᠬᠢᠭᠡᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠲᠣᠳᠣᠷᠬᠠᠢ ᠮᠥᠷᠲᠡᠭᠡᠨ ᠲᠤᠰ ᠵᠠᠰᠠᠭ | ᠵᠠᠬᠢᠷᠭᠠᠨ ᠤ ᠣᠷᠣᠨ ᠤ ᠬᠠᠮᠢᠶᠠᠷᠤᠯᠲᠠ ᠳᠤ ᠬᠠᠷᠢᠶᠠᠯᠠᠭᠳᠠᠪᠠᠯ᠂ ᠡᠯ᠎ᠡ ᠱᠠᠲᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠬᠦᠯᠢᠶᠡᠨ | ᠠᠪᠴᠤ ᠰᠢᠢᠳᠪᠦᠷᠢᠯᠡᠬᠦ ᠬᠡᠷᠡᠭᠲᠡᠢ᠃ ᠪᠦᠬᠦᠨ ᠢ ᠰᠢᠢᠳᠪᠦᠷᠢᠯᠡᠵᠦ ᠳᠠᠭᠤᠰᠬᠤ ᠬᠤᠭᠤᠴᠠᠭ᠎ᠠ ᠬᠢᠵᠠᠭᠠᠷ ᠨᠢ ᠶᠡᠷᠥᠩᠬᠡᠶᠢᠳᠡᠭᠡᠨ 60 ᠡᠳᠦᠷ ᠪᠣᠯᠣᠨ᠎ᠠ᠂ ᠪᠠᠶᠢᠳᠠᠯ ᠨᠢ | ᠪᠤᠳᠤᠯᠢᠶᠠᠨᠲᠠᠢ ᠶᠢᠨ ᠤᠷᠲᠤᠳᠬᠠᠬᠤ ᠬᠤᠭᠤᠴᠠᠭ᠎ᠠ ᠶᠢ 30 ᠡᠳᠦᠷ ᠠᠴᠠ ᠳᠠᠪᠠᠭᠤᠯᠵᠤ ᠪᠣᠯᠬᠤ ᠦᠭᠡᠢ᠃ | | | | | |