ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠤ᠂ ᠦᠢᠯᠡ ᠪᠠᠶᠢᠳᠠᠯ ᠨᠢ ᠬᠥᠩᠭᠡᠨ ᠰᠢᠭ ᠪᠠᠶᠢᠪᠠᠯ ᠨᠦᠭᠦᠷᠰᠡᠭ ᠢᠶᠠᠷ | ᠵᠥᠪᠳᠡᠯᠴᠡᠭᠡᠳ ᠰᠢᠢᠳᠪᠦᠷᠢᠯᠡᠵᠦ ᠪᠣᠯᠣᠨ᠎ᠠ︔ ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110 ᠲᠦᠭᠰᠢᠭᠦᠷᠢ ᠮᠡᠳᠡᠭᠦᠯᠬᠦ ᠳ᠋ᠢᠶᠠᠩᠬᠤᠸᠠ ᠳᠤ | ᠤᠲᠠᠰᠤᠳᠠᠵᠤ ᠪᠣᠯᠣᠨ᠎ᠠ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | (1) ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃ | (2) ᠭᠠᠵᠠᠷ ᠢᠶᠠᠨ ᠲᠣᠳᠣᠷᠬᠠᠢ ᠬᠡᠯᠡᠵᠦ ᠥᠭᠭᠦᠨ᠎ᠡ᠃ | (3) ᠲᠦᠭᠰᠢᠭᠦᠷᠢ ᠶᠢᠨ ᠪᠠᠶᠢᠳᠠᠯ ᠢ ᠲᠣᠳᠣᠷᠬᠠᠶᠢᠯᠠᠨ᠎ᠠ᠃ ᠠᠳᠡᠯ ᠭᠠᠷᠤᠭᠰᠠᠨ ᠰᠢᠯᠲᠠᠭᠠᠨ ᠬᠢᠭᠡᠳ ᠬᠥᠮᠥᠰ᠂ ᠲᠡᠷᠭᠡ ᠬᠥᠰᠬᠡ ᠶᠢᠨ ᠭᠡᠮᠲᠦᠵᠦ ᠬᠤᠬᠢᠷᠠᠭᠰᠠᠨ | ᠪᠠᠶᠢᠳᠠᠯ ᠢ ᠲᠣᠪᠴᠢᠬᠠᠨ ᠮᠡᠳᠡᠭᠦᠯᠦᠨ᠎ᠡ᠃ | (4) ᠣᠪᠣᠭ ᠨᠡᠷ᠎ᠡ ᠪᠠᠨ ᠦᠯᠡᠳᠡᠭᠡᠨ᠎ᠡ᠃ | (5) ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠳᠠᠷᠠᠭ᠎ᠠ᠂ ᠬᠡᠷᠡᠭ ᠭᠠᠷᠭᠠᠭᠴᠢ ᠬᠢᠭᠡᠳ ᠡᠷᠬᠢᠨ ᠲᠣᠭᠤᠷᠢᠨ ᠤ | ᠣᠯᠠᠨ ᠲᠦᠮᠡᠨ ᠲᠤᠬᠠᠢ ᠶᠢᠨ ᠲᠠᠯᠠᠪᠠᠢ ᠶᠢᠨ ᠤᠭ ᠳᠦᠷᠢ ᠪᠠᠶᠢᠳᠠᠯ ᠢ ᠠᠯᠢ ᠴᠢᠳᠠᠬᠤᠶᠢᠴᠠ ᠬᠠᠮᠠᠭᠠᠯᠠᠵᠤ᠂ ᠠᠳᠡᠯ ᠢ ᠰᠢᠢᠳᠪᠦᠷᠢᠯᠡᠬᠦ ᠦᠶ᠎ᠡ ᠳᠤ ᠴᠠᠭᠳᠠᠭ᠎ᠠ ᠨᠠᠷ ᠤᠨ | ᠪᠣᠳᠠᠰ ᠤᠨ ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠲᠣᠳᠣᠯᠠᠬᠤ ᠳᠤ ᠳᠦᠭᠦᠮ ᠦᠵᠡᠭᠦᠯᠬᠦ ᠬᠡᠷᠡᠭᠲᠡᠢ︔ ᠡᠭᠦᠨ ᠤ ᠬᠠᠮᠲᠤ ᠵᠠᠮ ᠬᠠᠷᠢᠯᠴᠠᠭᠠᠨ ᠤ ᠡᠮᠬᠢ | ᠳᠢᠭᠯᠢᠮ ᠢ ᠠᠯᠢ ᠪᠣᠯᠬᠤᠶᠢᠴᠠ ᠬᠠᠷᠰᠢᠯᠠᠬᠤ ᠦᠭᠡᠢ ᠪᠠᠶᠢᠬᠤ ᠬᠡᠷᠡᠭᠲᠡᠢ᠃ ᠵᠠᠮ ᠬᠠᠷᠢᠯᠴᠠᠭ᠎ᠠ ᠶᠢ ᠬᠠᠷᠰᠢᠯᠠᠵᠤ ᠪᠠᠶᠢᠬᠤ ᠠᠴᠠ ᠪᠣᠯᠵᠤ ᠲᠤᠬᠠᠢ ᠶᠢᠨ ᠲᠠᠯᠠᠪᠠᠢ ᠶᠢ | ᠬᠤᠪᠢᠷᠠᠭᠤᠯᠬᠤ ᠬᠡᠷᠡᠭᠲᠡᠢ ᠪᠣᠯ ᠤᠷᠢᠳᠠᠪᠠᠷ ᠠᠳᠡᠯ ᠤᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠳᠤ ᠲᠡᠮᠳᠡᠭ ᠲᠠᠯᠪᠢᠬᠤ ᠪᠤᠶᠤ ᠭᠠᠷ ᠤᠲᠠᠰᠤ᠂ ᠭᠡᠷᠡᠯ ᠵᠢᠷᠤᠭ ᠤᠨ | ᠮᠠᠰᠢᠨ ᠢᠶᠠᠷ ᠠᠳᠡᠯ ᠤᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠶᠢ ᠰᠡᠭᠦᠳᠡᠷᠯᠡᠵᠦ ᠠᠪᠤᠭᠰᠠᠨ ᠤ ᠳᠠᠷᠠᠭ᠎ᠠ᠂ ᠲᠡᠷᠭᠡ ᠬᠥᠰᠬᠡ ᠶᠢ ᠵᠠᠮ ᠬᠠᠷᠢᠯᠴᠠᠭ᠎ᠠ ᠶᠢ | ᠬᠠᠷᠰᠢᠯᠠᠬᠤ ᠦᠭᠡᠢ ᠭᠠᠵᠠᠷ ᠲᠤ ᠰᠢᠯᠵᠢᠭᠦᠯᠬᠦ ᠬᠡᠷᠡᠭᠲᠡᠢ᠃ | (6) ᠰᠡᠷᠡᠮᠵᠢᠯᠡᠭᠦᠯᠬᠦ ᠲᠡᠮᠳᠡᠭ ᠲᠠᠯᠪᠢᠨ᠎ᠠ᠃ ᠵᠠᠮ ᠬᠠᠷᠢᠯᠴᠠᠭᠠᠨ ᠤ ᠠᠳᠡᠯ ᠭᠠᠷᠪᠠᠯ᠂ ᠲᠡᠷᠭᠡ ᠬᠥᠰᠬᠡ ᠶᠢᠨ ᠡᠷᠭᠢᠨ ᠲᠣᠭᠤᠷᠢᠨ ᠳᠤ ᠰᠡᠷᠡᠮᠵᠢᠯᠡᠭᠦᠯᠬᠦ ᠲᠡᠮᠳᠡᠭ | ᠲᠠᠯᠪᠢᠵᠤ᠂ ᠳᠠᠬᠢᠭᠠᠳ ᠠᠳᠡᠯ ᠭᠠᠷᠬᠤ ᠠᠴᠠ ᠵᠠᠶᠢᠯᠠᠰᠬᠢᠯᠭᠡᠬᠦ ᠬᠡᠷᠡᠭᠲᠡᠢ᠃ | (7) ᠲᠡᠷᠭᠡᠨ ᠤ ᠫᠠᠶᠢᠰᠠ ᠶᠢ ᠴᠡᠭᠡᠵᠢᠯᠡᠵᠦ ᠠᠪᠬᠤ ᠬᠡᠷᠡᠭᠲᠡᠢ᠃ ᠬᠡᠷᠡᠭ ᠭᠠᠷᠭᠠᠭᠰᠠᠨ ᠲᠡᠷᠭᠡ ᠳᠤᠲᠠᠭᠠᠬᠤ ᠳᠤ ᠬᠦᠷᠪᠡᠯ᠂ ᠬᠡᠷᠡᠭ ᠭᠠᠷᠭᠠᠭᠰᠠᠨ ᠲᠡᠷᠭᠡᠨ ᠤ | ᠫᠠᠶᠢᠰᠠ ᠶᠢᠨ ᠨᠣᠮᠧᠷ᠂ ᠲᠡᠷᠭᠡᠨ ᠤ ᠬᠡᠯᠪᠡᠷᠢ᠂ ᠥᠩᠭᠡ ᠪᠤᠳᠤᠭ ᠵᠡᠷᠭᠡ ᠭᠤᠣᠯ ᠪᠤᠯᠬᠤ ᠣᠨᠴᠠᠯᠢᠭ ᠢ ᠨᠢ ᠴᠡᠭᠡᠵᠢᠯᠡᠵᠦ ᠠᠪᠬᠤ ᠬᠡᠷᠡᠭᠲᠡᠢ᠃ | ᠬᠠᠯᠠᠭᠤᠮᠰᠤᠭ ᠰᠠᠨᠠᠭᠤᠯᠤᠮᠵᠢ | ᠰᠢᠷᠬᠠᠲᠤᠭᠰᠠᠳ ᠢ ᠠᠪᠤᠷᠠᠬᠤ᠃ ᠵᠠᠮ ᠬᠠᠷᠢᠯᠴᠠᠭᠠᠨ ᠤ ᠠᠳᠡᠯ ᠳᠤ ᠬᠥᠮᠥᠰ ᠰᠢᠷᠬᠠᠲᠤᠭᠰᠠᠨ ᠪᠣᠯ ᠰᠢᠷᠬᠠᠲᠤᠭᠰᠠᠳ ᠢ ᠴᠠᠭ ᠲᠤᠬᠠᠢ ᠳᠤᠨᠢ ᠠᠪᠤᠷᠠᠬᠤ ᠶᠢᠨ | ᠬᠠᠮᠲᠤ 120 ᠡᠮᠴᠢᠯᠡᠭᠡᠨ ᠤ ᠪᠠᠴᠢᠮ ᠠᠪᠤᠷᠠᠬᠤ ᠳ᠋ᠢᠶᠠᠩᠬᠤᠸᠠ ᠶᠢ ᠳᠠᠷᠤᠢ ᠲᠦᠷᠭᠡᠨ ᠤᠲᠠᠰᠤᠳᠠᠬᠤ ᠬᠡᠷᠡᠭᠲᠡᠢ᠃ | | | | |