ᠭᠠᠯ ᠤᠨ ᠠᠶᠤᠯ ᠭᠠᠷᠤᠭᠰᠠᠨ ᠢ ᠣᠯᠵᠤ ᠮᠡᠳᠡᠪᠡᠯ ᠲᠦᠷᠭᠡᠬᠡᠨ 119 ᠶᠢ ᠨᠣᠮᠧᠷᠳᠡᠨᠡ᠃ ᠭᠠᠯ ᠤᠨ ᠠᠶᠤᠯ ᠠᠴᠠ ᠭᠠᠳᠠᠨ᠎ᠠ᠂ ︽119︾ ᠪᠠᠰᠠ ᠪᠤᠰᠤᠳ | ᠠᠳᠡᠯ ᠤᠨ ᠭᠠᠮᠰᠢᠭ ᠤᠨ ᠠᠶᠤᠯ ᠠᠴᠠ ᠠᠪᠤᠷᠠᠵᠤ ᠲᠤᠰᠠᠯᠠᠬᠤ ᠠᠵᠢᠯ ᠳᠤ ᠣᠷᠣᠯᠴᠠᠨ᠎ᠠ᠂ ᠵᠢᠱᠢᠶᠡᠯᠡᠪᠡᠯ ᠭᠠᠵᠠᠷ ᠬᠥᠳᠡᠯᠦᠯᠲᠡ᠂ ᠦᠶᠡᠷ ᠤᠨ ᠭᠠᠮᠰᠢᠭ᠂ ᠨᠢᠰᠬᠡᠯ ᠤᠨ | ᠠᠳᠡᠯ᠂ ᠪᠠᠷᠢᠯᠭ᠎ᠠ ᠨᠤᠷᠠᠬᠤ᠂ ᠠᠶᠤᠯ ᠲᠠᠢ ᠬᠢᠮᠢ ᠶᠢᠨ ᠡᠳ᠋ ᠭᠤᠭᠤᠵᠢᠬᠤ᠂ ᠵᠢᠴᠢ ᠣᠯᠠᠨ ᠲᠦᠮᠡᠨ ᠤ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠪᠤᠰᠤᠳ | ᠲᠦᠭᠰᠢᠭᠦᠷᠢᠲᠦ ᠪᠠᠶᠢᠳᠠᠯ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃ | ︵2︶ ᠭᠠᠵᠠᠷ ᠢᠶᠠᠨ ᠲᠣᠳᠣᠷᠬᠠᠢ ᠬᠡᠯᠡᠵᠦ ᠥᠭᠭᠦᠨ᠎ᠡ᠃ | ︵3︶ ᠭᠠᠯ ᠲᠦᠢᠮᠡᠷ ᠤᠨ ᠰᠢᠯᠲᠠᠭᠠᠨ ᠢᠶᠠᠨ ᠲᠣᠳᠣᠷᠬᠠᠶᠢᠯᠠᠨ᠎ᠠ᠃ 119 ᠭᠠᠯ ᠲᠦᠢᠮᠡᠷ ᠤᠨ ᠮᠡᠳᠡᠭᠡ ᠶᠢᠨ ᠳ᠋ᠢᠶᠠᠩᠬᠤᠸᠠ ᠶᠢ ᠨᠣᠮᠧᠷᠳᠠᠬᠤ ᠳᠤ ᠭᠠᠯ ᠭᠠᠷᠤᠭᠰᠠᠨ | ᠰᠢᠯᠲᠠᠭᠠᠨ ᠵᠢᠱᠢᠶᠡᠯᠡᠪᠡᠯ ᠴᠠᠬᠢᠯᠭᠠᠨ ᠬᠡᠯᠬᠢᠶ᠎ᠡ ᠠᠴᠠ ᠭᠠᠯ ᠭᠠᠷᠤᠭᠰᠠᠨ᠂ ᠨᠡᠭᠦᠷᠡᠰᠦᠨ ᠬᠡᠢ ᠠᠴᠠ ᠭᠠᠯ ᠭᠠᠷᠤᠭᠰᠠᠨ᠂ ᠴᠢᠶ᠋ᠢᠦ ᠲᠣᠰᠤᠨ ᠠᠴᠠ ᠭᠠᠯ ᠭᠠᠷᠤᠭᠰᠠᠨ᠂ | ᠡᠰᠡᠬᠦᠯ᠎ᠡ ᠪᠤᠰᠤᠳ ᠰᠢᠯᠲᠠᠭᠠᠨ ᠠᠴᠠ ᠪᠣᠯᠵᠤ ᠡᠭᠦᠰᠥᠭᠰᠡᠨ ᠭᠠᠯ ᠤᠨ ᠠᠶᠤᠯ ᠭᠡᠳᠡᠭ ᠢ ᠣᠨᠴᠠᠭᠠᠶᠢᠯᠠᠨ ᠲᠣᠳᠣᠷᠬᠠᠶᠢᠯᠠᠵᠤ᠂ ᠭᠠᠯ ᠤᠨᠲᠠᠷᠠᠭᠠᠭᠴᠢᠳ ᠤᠨ | ᠵᠣᠬᠢᠴᠠᠩᠭᠤᠢ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠪᠠ ᠡᠳ᠋ ᠪᠠᠷᠠᠭ᠎ᠠ ᠠᠪᠴᠤ ᠶᠠᠪᠤᠬᠤ ᠳᠤ ᠳᠥᠭᠦᠮ ᠦᠵᠡᠭᠦᠯᠬᠦ ᠬᠡᠷᠡᠭᠲᠡᠢ᠃ | ︵4︶ ᠣᠪᠣᠭ ᠨᠡᠷ᠎ᠡ ᠪᠠᠨ ᠦᠯᠡᠳᠡᠭᠡᠨ᠎ᠡ᠃ | ︵5︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ | | | | | | |