ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵110 ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢᠨ ᠬᠡᠰᠡᠭ︶
ᠨᠡᠶᠢᠲᠡᠯᠡᠭᠰᠡᠨ ᠴᠠᠭ᠄
2024/10/30
     ᠣᠯᠠᠨ ᠨᠡᠶᠢᠲᠡ ᠶᠢᠨ ᠠᠮᠤᠷ ᠲᠦᠪᠰᠢᠨ ᠪᠠ ᠬᠤᠪᠢ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠠᠶᠤᠯᠲᠠᠢ ᠭᠡᠨᠡᠳᠲᠡ ᠶᠢᠨ ᠬᠡᠷᠡᠭ ᠭᠠᠷᠪᠠᠯ᠂ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠬᠦ ᠪᠣᠯ ᠨᠡᠶᠢᠭᠡᠮ ᠤᠨ ᠪᠦᠷᠢᠯᠳᠦᠭᠦᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃     ᠠᠶᠤᠯ ᠳᠤ ᠤᠴᠠᠷᠠᠪᠠᠯ 110᠎ ᠶᠢ ᠨᠣᠮᠧᠷᠳᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110᠂119᠂122 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠳ᠋ᠢᠶᠠᠩᠬᠤᠸᠠ ᠶᠢᠨ ︽ᠭᠤᠷᠪᠠᠨ ᠲᠠᠪᠴᠠᠩ ᠢ ᠨᠢᠭᠡᠳᠬᠡᠬᠦ︾᠎ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ᠂ ᠭᠠᠯ ᠤᠨ ᠠᠶᠤᠯ ᠭᠠᠷᠬᠤ᠂ ᠵᠠᠮ ᠬᠠᠷᠢᠯᠴᠠᠭᠠᠨ ᠤ ᠠᠳᠡᠯ᠂ ᠵᠢᠴᠢ ᠤᠰᠤ᠂ ᠴᠠᠬᠢᠯᠭᠠᠨ᠂ ᠬᠡᠢ᠂ ᠢᠯᠴᠢ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠳᠤ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠠᠶᠤᠯᠲᠠᠢ ᠬᠦᠨᠳᠦ ᠶᠡᠭᠡ ᠲᠦᠭᠰᠢᠭᠦᠷᠢᠲᠦ ᠪᠠᠶᠢᠳᠠᠯ ᠭᠠᠷᠪᠠᠯ᠂ ᠴᠥᠮ 110᠎ ᠶᠢ ᠨᠣᠮᠧᠷᠳᠠᠵᠤ ᠪᠣᠯᠣᠨ᠎ᠠ︔ ᠤᠰᠤᠨ ᠳᠤ ᠵᠢᠪᠬᠦ᠂ ᠠᠰᠠᠷ ᠠᠴᠠ ᠤᠨᠠᠬᠤ᠂ ᠠᠮᠢ ᠪᠠᠨ ᠬᠤᠣᠷᠯᠠᠬᠤ᠂ ᠲᠥᠭᠡᠷᠢᠬᠦ ᠵᠢᠴᠢ ᠬᠤᠪᠢ ᠬᠥᠮᠥᠨ ᠲᠦᠭᠰᠢᠭᠦᠷᠢᠲᠦ ᠪᠠᠶᠢᠳᠠᠯ ᠳᠤ ᠣᠷᠣᠪᠠᠯ᠂ ᠪᠠᠰᠠ 110᠎ ᠶᠢ ᠨᠣᠮᠧᠷᠳᠠᠵᠤ ᠪᠣᠯᠣᠨ᠎ᠠ᠃ ︽110︾ ᠬᠢᠭᠡᠳ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠲᠣᠭᠲᠠᠴᠠ ᠪᠠᠶᠢᠭᠤᠯᠵᠤ᠂ ᠡᠯ᠎ᠡ ᠵᠦᠢᠯ ᠤᠨ ᠲᠦᠭᠰᠢᠭᠦᠷᠢᠲᠦ ᠪᠠᠶᠢᠳᠠᠯ ᠳᠤ ᠴᠥᠮ ᠠᠪᠤᠷᠠᠨ ᠲᠤᠰᠠᠯᠠᠬᠤ ᠶᠢ ᠬᠠᠩᠭᠠᠵᠤ ᠴᠢᠳᠠᠨ᠎ᠠ᠃     ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ     ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃ ᠠᠶᠤᠯᠲᠠᠢ ᠪᠠᠶᠢᠳᠠᠯ ᠭᠠᠷᠪᠠᠯ ᠳᠠᠷᠤᠢ ᠳᠤᠨᠢ ᠲᠦᠭᠰᠢᠭᠦᠷᠢ ᠮᠡᠳᠡᠭᠦᠯᠬᠦ ᠬᠡᠷᠡᠭᠲᠡᠢ᠃ ᠬᠡᠷᠪᠡ ᠪᠠᠶᠢᠳᠠᠯ ᠪᠠᠴᠢᠮ ᠲᠦᠭᠰᠢᠭᠦᠷᠢᠲᠡᠢ ᠪᠣᠯᠣᠭᠠᠳ ᠳᠠᠷᠤᠢ ᠳᠤᠨᠢ ᠲᠦᠭᠰᠢᠭᠦᠷᠢ ᠮᠡᠳᠡᠭᠦᠯᠬᠦ ᠶᠢᠨ ᠠᠷᠭ᠎ᠠ ᠦᠭᠡᠢ ᠪᠣᠯ ᠠᠶᠤᠯ ᠠᠴᠠ ᠬᠡᠯᠲᠦᠷᠢᠭᠰᠡᠨ ᠤ ᠳᠠᠷᠠᠭ᠎ᠠ ᠪᠤᠰᠢᠭᠤ ᠲᠦᠷᠭᠡᠨ ᠲᠦᠭᠰᠢᠭᠦᠷᠢ ᠮᠡᠳᠡᠭᠦᠯᠬᠦ ᠬᠡᠷᠡᠭᠲᠡᠢ᠃     ︵2︶ ᠬᠡᠷᠡᠭ ᠤᠨ ᠲᠠᠯᠠᠪᠠᠢ ᠶᠢ ᠬᠠᠮᠠᠭᠠᠯᠠᠨ᠎ᠠ᠃ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠬᠤ ᠶᠢ ᠠᠩᠬᠠᠷᠴᠤ᠂ ᠴᠠᠭᠳᠠᠭ᠎ᠠ ᠶᠢᠨ ᠲᠠᠯ᠎ᠠ ᠶᠢᠨ ᠬᠢᠨ ᠤ ᠰᠦᠪᠡᠭᠴᠢ ᠴᠤᠭᠯᠠᠭᠤᠯᠬᠤ ᠳᠤ ᠳᠦᠭᠦᠮ ᠦᠵᠡᠭᠦᠯᠬᠦ ᠬᠡᠷᠡᠭᠲᠡᠢ᠃     ︵3︶ ᠭᠠᠵᠠᠷ ᠢᠶᠠᠨ ᠲᠣᠳᠣᠷᠬᠠᠢ ᠬᠡᠯᠡᠵᠦ ᠥᠭᠭᠦᠨ᠎ᠡ᠃ ᠠᠶᠤᠯᠲᠠᠢ ᠪᠠᠶᠢᠳᠠᠯ ᠭᠠᠷᠤᠭᠰᠠᠨ ᠴᠠᠭ᠂ ᠭᠠᠵᠠᠷ ᠣᠷᠣᠨ ᠢ ᠲᠣᠳᠣᠷᠬᠠᠢ ᠬᠡᠯᠡᠵᠦ ᠥᠭᠬᠦ ᠬᠡᠷᠡᠭᠲᠡᠢ᠃ ᠬᠡᠷᠪᠡ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ ᠨᠢ ᠪᠤᠳᠤᠯᠢᠶᠠᠨᠲᠠᠢ ᠪᠣᠯ ᠡᠷᠭᠢᠨ ᠲᠣᠭᠤᠷᠢᠨ ᠤ ᠲᠡᠮᠳᠡᠭ ᠨᠢ ᠨᠡᠯᠢᠶᠡᠳ ᠢᠯᠡᠷᠬᠡᠢ ᠪᠠᠷᠢᠯᠭ᠎ᠠ᠂ ᠣᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠪᠠᠶᠢᠭᠤᠯᠭ᠎ᠠ ᠶᠢᠨ ᠨᠡᠷᠡᠶᠢᠳᠦᠯ᠂ ᠡᠭᠦᠳᠡᠨ ᠤ ᠨᠣᠮᠧᠷ ᠪᠤᠶᠤ ᠢᠯᠡᠷᠬᠡᠢ ᠭᠠᠵᠠᠷ ᠤᠨ ᠭᠠᠳᠠᠷᠭᠤ ᠶᠢᠨ ᠣᠨᠴᠠᠯᠢᠭ ᠵᠡᠷᠭᠡ ᠶᠢ ᠮᠡᠳᠡᠭᠳᠡᠬᠦ ᠬᠡᠷᠡᠭᠲᠡᠢ᠃     ︵4︶ ᠪᠠᠴᠢᠮ ᠪᠠᠶᠢᠳᠠᠯ ᠢᠶᠠᠨ ᠲᠣᠳᠣᠷᠬᠠᠶᠢᠯᠠᠨ᠎ᠠ᠃ ᠠᠶᠤᠯ ᠲᠦᠭᠰᠢᠭᠦᠷᠢ ᠭᠠᠷᠤᠭᠰᠠᠨ ᠰᠢᠯᠲᠠᠭᠠᠨ᠂ ᠵᠢᠴᠢ ᠶᠠᠮᠠᠷ ᠲᠤᠰᠠᠯᠠᠮᠵᠢ ᠬᠡᠷᠡᠭᠴᠡᠭᠡ ᠲᠠᠢ ᠪᠠᠶᠢᠭ᠎ᠠ ᠪᠠᠨ ᠲᠣᠪᠴᠢᠬᠠᠨ ᠲᠣᠳᠣᠷᠬᠠᠶᠢᠯᠠᠬᠤ ᠬᠡᠷᠡᠭᠲᠡᠢ᠃     ︵5︶ ᠣᠪᠣᠭ ᠨᠡᠷ᠎ᠡ ᠪᠠᠷ ᠦᠯᠡᠳᠡᠭᠡᠨ᠎ᠡ᠃ ᠲᠦᠭᠰᠢᠭᠦᠷᠢ ᠮᠡᠳᠡᠭᠦᠯᠦᠭᠴᠢ ᠥᠪᠡᠷ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠬᠦ ᠬᠡᠷᠡᠭᠲᠡᠢ᠃     ︵6︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ ᠠᠪᠤᠷᠠᠨ ᠲᠤᠰᠠᠯᠠᠬᠤ ᠬᠥᠮᠥᠰ ᠤᠨ ᠶᠡᠭᠡ ᠲᠥᠯᠥᠪ ᠬᠦᠷᠴᠦ ᠢᠷᠡᠬᠦ ᠴᠠᠭ ᠢ ᠣᠶᠢᠯᠠᠭᠠᠨ ᠠᠪᠴᠤ᠂ ᠣᠶᠢᠷ᠎ᠠ ᠬᠠᠪᠢ ᠶᠢᠨ ᠨᠡᠯᠢᠶᠡᠳ ᠢᠯᠡᠷᠬᠡᠢ ᠲᠡᠮᠳᠡᠭ ᠲᠠᠢ ᠭᠠᠵᠠᠷ᠂ ᠵᠢᠱᠢᠶᠡᠯᠡᠪᠡᠯ ᠵᠠᠮ ᠤᠨ ᠠᠭᠤᠯᠵᠠᠷ ᠪᠤᠶᠤ ᠭᠤᠳᠤᠮᠵᠢ ᠶᠢᠨ ᠠᠮᠠᠰᠠᠷ ᠲᠤ ᠤᠷᠢᠳᠠᠪᠠᠷ ᠬᠦᠷᠴᠦ ᠠᠪᠤᠷᠠᠨ ᠲᠤᠰᠠᠯᠠᠬᠤ ᠬᠥᠮᠥᠰ ᠢ ᠬᠦᠯᠢᠶᠡᠬᠦ ᠶᠢᠨ ᠬᠠᠮᠲᠤ ᠵᠢᠭᠠᠨ ᠳᠠᠭᠠᠭᠤᠯᠤᠨ᠎ᠠ᠃     ᠬᠠᠯᠠᠭᠤᠮᠰᠤᠭ ᠰᠠᠨᠠᠭᠤᠯᠭ᠎ᠠ     ᠵᠢᠵᠢᠭ ᠰᠠᠵᠢᠭ ᠶᠠᠪᠤᠳᠠᠯ ᠳᠤ ᠴᠠᠭᠳᠠᠭ᠎ᠠ ᠨᠠᠷ ᠢ ᠲᠦᠢᠪᠡᠭᠡᠬᠦ ᠦᠭᠡᠢ ᠪᠠᠶᠢᠬᠤ ᠬᠡᠷᠡᠭᠲᠡᠢ᠂ ᠴᠠᠭᠳᠠᠭ᠎ᠠ ᠨᠠᠷ ᠢ ᠲᠦᠢᠪᠡᠭᠡᠪᠡᠯ ᠰᠢᠳᠭᠡᠨ ᠲᠣᠷᠭᠠᠨ᠎ᠠ᠃ ᠥᠪᠡᠷ ᠢᠶᠠᠨ ᠰᠢᠢᠳᠪᠦᠷᠢᠯᠡᠵᠦ ᠪᠣᠯᠬᠤ ᠠᠰᠠᠭᠤᠳᠠᠯ ᠪᠣᠯ 110᠎ ᠶᠢ ᠳᠤᠷ᠎ᠠ ᠮᠡᠳᠡᠨ ᠨᠣᠮᠧᠷᠳᠠᠬᠤ ᠦᠭᠡᠢ ᠪᠠᠶᠢᠬᠤ ᠬᠡᠷᠡᠭᠲᠡᠢ᠃ 110᠎ ᠶᠢ ᠡᠷᠦᠢ ᠬᠤᠷᠤᠢ ᠦᠭᠡᠢ ᠨᠣᠮᠧᠷᠳᠠᠵᠤ᠂ ︽110︾᠎ ᠤᠨ ᠬᠡᠪ ᠤᠨ ᠶᠣᠰᠣᠭᠠᠷ ᠠᠵᠢᠯᠯᠠᠬᠤ ᠶᠢ ᠰᠠᠮᠠᠭᠤᠷᠠᠭᠤᠯᠪᠠᠯ ᠰᠢᠳᠭᠡᠭᠳᠡᠨ ᠲᠣᠷᠭᠠᠭᠳᠠᠨ᠎ᠠ᠃      
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ