120 ᠪᠣᠯ ᠡᠮᠴᠢᠯᠡᠭᠡᠨ ᠤ ᠲᠦᠷᠭᠡᠨ ᠠᠪᠤᠷᠠᠬᠤ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠣᠯᠣᠨ᠎ᠠ᠂ ᠳᠡᠷᠭᠡᠳᠡᠬᠢ ᠬᠥᠮᠥᠨ ᠴᠢᠨᠢ ᠭᠡᠨᠡᠳᠲᠡ ᠡᠪᠡᠳᠴᠢᠨ | ᠬᠥᠳᠡᠯᠦᠭᠰᠡᠨ ᠪᠤᠶᠤ ᠰᠠᠨᠠᠭᠠᠨ ᠳᠤ ᠦᠭᠡᠢ ᠭᠡᠮᠲᠦᠪᠡᠯ ᠴᠠᠭ ᠲᠤᠬᠠᠢ ᠳᠤᠨᠢ ᠤᠲᠠᠰᠤᠳᠠᠬᠤ ᠬᠡᠷᠡᠭᠲᠡᠢ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃ | ︵2︶ ᠭᠠᠵᠠᠷ ᠢᠶᠠᠨ ᠲᠣᠳᠣᠷᠬᠠᠢ ᠬᠡᠯᠡᠵᠦ ᠥᠭᠭᠦᠨ᠎ᠡ᠃ | ︵3︶ ᠡᠪᠡᠳᠴᠢᠨ ᠤ ᠪᠠᠶᠢᠳᠠᠯ ᠢ ᠨᠢ ᠲᠣᠳᠣᠷᠬᠠᠢ ᠬᠡᠯᠡᠵᠦ ᠥᠭᠭᠦᠨ᠎ᠡ᠃ ᠡᠪᠡᠳᠴᠢᠲᠡᠨ ᠤ ᠨᠠᠰᠤ ᠵᠢᠯ᠂ ᠬᠦᠢᠰᠦ ᠢᠯᠭᠠᠯ᠂ ᠡᠪᠡᠳᠴᠢᠯᠡᠭᠰᠡᠨ ᠴᠠᠭ ᠬᠤᠭᠤᠴᠠᠭ᠎ᠠ | ᠪᠠ ᠡᠪᠡᠳᠴᠢᠨ ᠤ ᠨᠡᠶᠢᠲᠡᠯᠢᠭ ᠢᠯᠡᠷᠡᠯ ᠵᠢᠱᠢᠶᠡᠯᠡᠪᠡᠯ ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠪᠥᠭᠡᠯᠵᠢᠭᠡᠳ ᠵᠣᠭᠰᠤᠬᠤ ᠦᠭᠡᠢ ᠪᠠᠶᠢᠬᠤ᠂ | ᠠᠮᠢᠰᠬᠤᠯ ᠴᠢᠬᠤᠯᠳᠠᠵᠤ ᠪᠠᠶᠢᠭ᠎ᠠ ᠵᠡᠷᠭᠡ ᠶᠢ ᠲᠣᠳᠣᠷᠬᠠᠢ ᠬᠡᠯᠡᠵᠦ ᠥᠭᠬᠦ ᠬᠡᠷᠡᠭᠲᠡᠢ᠃ ᠰᠠᠨᠠᠭᠠᠨ ᠳᠤ ᠦᠭᠡᠢ ᠭᠡᠮᠲᠦᠭᠰᠡᠨ ᠪᠣᠯ ᠰᠢᠷᠬᠠᠲᠤᠭᠰᠠᠨ ᠰᠢᠯᠲᠠᠭᠠᠨ ᠢ ᠨᠢ | ᠲᠣᠳᠣᠷᠬᠠᠢ ᠬᠡᠯᠡᠵᠦ ᠥᠭᠬᠦ ᠬᠡᠷᠡᠭᠲᠡᠢ᠂ ᠵᠢᠱᠢᠶᠡᠯᠡᠪᠡᠯ ᠴᠠᠬᠢᠯᠭᠠᠨ ᠳᠤ ᠴᠣᠬᠢᠭᠳᠠᠭᠰᠠᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ ᠵᠡᠷᠭᠡ | ᠰᠢᠷᠬᠠᠲᠤᠭᠴᠢ ᠶᠢᠨ ᠰᠢᠷᠬ᠎ᠠ ᠶᠢᠨ ᠪᠠᠶᠢᠳᠠᠯ ᠢ ᠲᠣᠳᠣᠷᠬᠠᠢ ᠬᠡᠯᠡᠵᠦ ᠥᠭᠭᠦᠨ᠎ᠡ᠃ | ︵4︶ ᠣᠪᠣᠭ ᠨᠡᠷ᠎ᠡ ᠪᠠᠨ ᠦᠯᠡᠳᠡᠭᠡᠨ᠎ᠡ᠃ | ︵5︶ ᠬᠦᠯᠢᠶᠡᠨ ᠠᠪᠴᠤ ᠵᠢᠭᠠᠨ ᠳᠠᠭᠠᠭᠤᠯᠤᠨ᠎ᠠ᠃ | ᠬᠠᠯᠠᠭᠤᠮᠰᠤᠭ ᠰᠠᠨᠠᠭᠤᠯᠤᠮᠵᠢ | ᠬᠦᠯᠢᠶᠡᠬᠦ ᠶᠢᠨ ᠵᠡᠷᠭᠡᠴᠡᠪᠡᠷ ᠢᠳᠡᠪᠬᠢᠲᠡᠢ ᠪᠠᠷ ᠠᠪᠤᠷᠠᠬᠤ ᠠᠵᠢᠯ ᠬᠢᠨ᠎ᠡ᠃ ᠭᠠᠮᠰᠢᠭ ᠪᠣᠯᠤᠭᠰᠠᠨ ᠠᠳᠡᠯ ᠭᠠᠷᠤᠭᠰᠠᠨ ᠤ ᠳᠠᠷᠠᠭ᠎ᠠ ᠨᠡᠩ ᠢᠯᠡᠭᠦᠦ ᠭᠡᠮᠲᠦᠯ | ᠪᠣᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠭᠰᠠᠨ ᠪᠠᠶᠢᠳᠠᠯ ᠤᠨ ᠳᠣᠣᠷ᠎ᠠ᠂ ᠰᠢᠷᠬᠠᠲᠤᠭᠰᠠᠳ ᠲᠤ ᠪᠥᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠮᠨᠡᠯᠭᠡ ᠶᠢᠨ | ᠠᠵᠢᠯᠲᠠᠳ ᠢ ᠬᠦᠷᠴᠦ ᠢᠷᠡᠲᠡᠯ᠎ᠡ ᠲᠦᠷᠭᠡᠨ ᠠᠪᠤᠷᠠᠯᠲᠠ ᠬᠢᠨ᠎ᠡ᠃ | | | | |