ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
       10 ᠰᠠᠷ᠎ᠠ ᠶᠢᠨ 24 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠪᠥᠬᠦ ᠬᠤᠰᠢᠭᠤᠨ ᠤ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2025 ᠣᠨ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠥᠰᠥᠪᠯᠡᠬᠦ ᠠᠵᠢᠯ ᠢ ᠪᠠᠶᠢᠷᠢᠯᠠᠭᠤᠯᠵᠠᠢ᠃ ᠬᠤᠰᠢᠭᠤᠨ ᠤ ᠤᠳᠤᠷᠢᠳᠤᠯᠭ᠎ᠠ ᠯᠦ ᠴᠤᠸᠠᠨ ᠱᠧᠨ ᠬᠤᠷᠠᠯ ᠳᠤ ᠣᠷᠣᠯᠴᠠᠪᠠ᠃
20241030-1-1.jpg
       ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ᠃ ᠬᠦᠨᠳᠦ ᠴᠢᠬᠤᠯᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠦᠬᠦ ᠶᠠᠪᠣᠴᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ ᠂ ᠬᠠᠷᠢᠭᠤᠴᠠᠯᠭ᠎ᠠ ᠶᠢᠨ ᠲᠣᠭᠳᠠᠯᠴᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠦᠯ ᠵᠦᠢᠯ ᠤᠨ ᠬᠠᠮᠢᠶᠠᠷᠣᠯᠲᠠ ᠶᠢᠨ ᠰᠢᠰᠲ᠋ᠧᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠥᠯᠦᠪᠵᠢᠭᠦᠯᠭᠡ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠲᠦᠷᠦᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠳᠤ ᠲᠥᠪᠯᠡᠷᠡᠭᠦᠯᠵᠦ᠂ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ︾ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠣᠶᠢᠯᠠᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠳᠥᠷᠪᠡᠳᠦᠭᠡᠷ ᠤᠯᠠᠷᠢᠯ ᠢ ᠠᠮᠵᠢᠯᠲᠠ ᠲᠠᠢ ᠰᠢᠪᠳᠣᠯᠬᠤ ᠪᠠᠷ ᠪᠣᠲᠠᠳᠣ ᠠᠵᠢᠯᠯᠠᠭ᠎ᠠ ᠪᠠᠨ ᠴᠢᠩᠭᠠᠳᠬᠠᠵᠤ᠂  ᠪᠦᠬᠦ ᠵᠢᠯ ᠤᠨ ᠬᠠᠷᠠᠯᠳᠠᠳᠣ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠡᠷᠴᠢᠮ ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ