ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠵᠢᠭᠤ ᠱᠠᠰᠢᠨ ᠢ ᠡᠰᠡᠷᠭᠦᠴᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/31
       ᠥᠷᠭᠡᠨ ᠣᠯᠠᠨ ᠡᠮᠡᠭᠲᠡᠶᠢᠴᠦᠳ ᠤᠨ ᠭᠠᠵᠢᠭᠤ ᠱᠠᠰᠢᠨ ᠢ ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠭᠠᠵᠢᠭᠤ ᠱᠠᠰᠢᠨ ᠤ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ 10 ᠰᠠᠷ᠎ᠠ ᠶᠢᠨ 29 ᠤ ᠡᠳᠦᠷ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠠᠢ ᠬᠤᠯᠪᠤᠭᠠᠯᠠᠨ ᠳ᠋ᠠ ᠶᠠᠨ ᠪᠠᠯᠭᠠᠰᠤᠨ ᠳᠤ ᠭᠠᠵᠢᠭᠤ ᠱᠠᠰᠢᠨ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠵᠢᠭᠤ ᠱᠠᠰᠢᠨ ᠢ ᠡᠰᠡᠷᠭᠦᠴᠡᠬᠦ ᠮᠡᠳᠡᠯᠭᠡ ᠵᠠᠷ ᠢ ᠣᠯᠠᠨ ᠲᠦᠮᠡᠨ ᠤ ᠳᠣᠮᠳᠠ ᠳᠡᠯᠭᠡᠷᠡᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠨ ᠭᠠᠵᠢᠭᠤ ᠱᠠᠰᠢᠨ ᠢ ᠡᠰᠡᠷᠭᠦᠴᠡᠬᠦ  ᠪᠣᠯᠪᠠᠰᠤᠨ ᠤ ᠣᠶᠢᠯᠠᠭᠠᠭᠳᠠᠬᠤᠨ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠤ ᠭᠠᠵᠢᠭᠤ ᠱᠠᠰᠢᠨ ᠢ ᠮᠡᠳᠡᠬᠦ᠂ ᠭᠠᠵᠢᠭᠤ ᠱᠠᠰᠢᠨ ᠢ ᠢᠯᠭᠠᠨ ᠲᠠᠨᠢᠬᠤ᠂ ᠭᠠᠵᠢᠭᠤ ᠱᠠᠰᠢᠨ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠪᠠᠨ ᠴᠢᠩᠬᠠᠣᠠᠬᠠᠬᠤ ᠪᠣᠯᠣᠨ᠎ᠠ᠃
20241031-1-1.jpg
       ᠲᠤᠰ ᠤᠳᠠᠭᠠᠨ ᠤ ᠪᠣᠯᠪᠠᠰᠤᠷᠠᠯ ᠨᠢ ︽ᠰᠢᠨᠵᠢᠯᠡᠬᠦ ᠤᠬᠠᠭᠠᠨ ᠢ ᠡᠷᠬᠢᠮᠯᠡᠬᠦ ᠭᠡᠷ ᠪᠦᠯᠢ ᠪᠡᠨ‌ᠬᠠᠯᠠᠮᠵᠢᠯᠠᠬᠤ ᠠᠮᠢ ᠨᠠᠰᠤ ᠪᠠᠨ ᠨᠠᠨᠳᠢᠩᠨᠠᠬᠤ ᠭᠠᠵᠢᠭᠤ ᠱᠠᠰᠢᠨ ᠢ ᠡᠰᠡᠷᠭᠦᠴᠡᠬᠦ︾ ᠪᠠᠷ ᠭᠤᠣᠯ ᠰᠡᠳᠦᠪ ᠪᠣᠯᠭᠠᠵᠤ᠂ ᠭᠠᠵᠢᠭᠤ ᠱᠠᠰᠢᠨ ᠤ ᠲᠣᠮᠢᠶᠠᠯᠠᠯ᠂ ᠭᠠᠵᠢᠭᠤ ᠱᠠᠰᠢᠨ ᠤ ᠣᠨᠴᠠᠯᠢᠭ᠂ ᠭᠠᠵᠢᠭᠤ ᠱᠠᠰᠢᠨ ᠤ ᠦᠷᠭᠦᠯᠵᠢ ᠬᠡᠷᠡᠭᠯᠡᠳᠡᠭ ᠠᠷᠭ᠎ᠠ ᠮᠡᠭᠡ ᠪᠠ ᠭᠠᠵᠢᠭᠤ ᠱᠠᠰᠢᠨ ᠢ ᠬᠡᠷᠬᠢᠨ ᠰᠡᠷᠭᠡᠶᠢᠯᠡᠬᠦ᠂ ᠬᠤᠷᠢᠭᠯᠠᠬᠤ ᠵᠡᠷᠭᠡ ᠤᠯᠠᠨ ᠲᠠᠯ᠎ᠠ ᠠᠴᠠ ᠭᠠᠵᠢᠭᠤ ᠱᠠᠰᠢᠨ ᠤ ᠬᠤᠣᠷ ᠬᠥᠨᠥᠭᠡᠯ ᠢ ᠨᠡᠪᠲᠡ ᠶᠠᠷᠢᠵᠤ᠂ ᠭᠠᠵᠢᠭᠤ ᠱᠠᠰᠢᠨ ᠢ ᠡᠰᠡᠷᠭᠦᠴᠡᠬᠦ ᠶᠢᠨ ᠴᠢᠬᠤᠯᠠ ᠠᠴᠢ ᠬᠤᠯᠪᠣᠭᠳᠠᠯ ᠂ ᠭᠠᠵᠢᠭᠤ ᠱᠠᠰᠢᠨ ᠢ ᠡᠰᠡᠷᠭᠦᠴᠡᠬᠦ ᠠᠵᠢᠯ ᠤᠨ ᠰᠡᠳᠬᠢᠴᠡ᠂ ᠡᠮᠡᠭᠲᠡᠢ ᠺᠠᠳ᠋ᠷ ᠤᠯᠠᠨ ᠲᠦᠮᠡᠨ ᠤ ᠭᠠᠵᠢᠭᠤ ᠱᠠᠰᠢᠨ ᠢ ᠡᠰᠡᠷᠭᠦᠴᠡᠬᠦ ᠪᠠ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠱᠠᠰᠢᠨ ᠢ ᠡᠰᠡᠷᠭᠦᠴᠡᠬᠦ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 90 ᠭᠠᠷᠤᠢ ᠬᠤᠪᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ  ᠪᠠ 150 ᠭᠠᠷᠤᠢ ᠬᠤᠪᠢ ᠭᠠᠵᠢᠭᠤ ᠱᠠᠰᠢᠨ ᠤ ᠲᠣᠬᠠᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃       ᠳᠠᠷᠠᠭᠠᠴᠢ ᠪᠠᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠦᠨᠳᠦᠰᠦᠨ ᠱᠠᠲᠤᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠳᠠᠶᠢᠴᠢᠯᠠᠨ ᠡᠮᠡᠭᠲᠡᠶᠢᠴᠦᠳ ᠤᠨ ᠬᠤᠯᠪᠣᠭ᠎ᠠ ᠶᠢᠨ ᠳᠠᠪᠠᠭᠤᠯᠢᠭ ᠪᠠ ︽ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠤᠨ ᠠᠵᠢᠯᠯᠠᠭ᠎ᠠ ᠲᠠᠢ ᠤᠶᠠᠯᠳᠤᠭᠤᠯᠵᠤ᠂ ᠭᠠᠵᠢᠭᠤ ᠱᠠᠰᠢᠨ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠡᠮᠡᠭᠲᠡᠶᠢᠴᠦᠳ ᠪᠣᠯᠣᠨ ᠭᠡᠷ ᠪᠦᠯᠢ ᠶᠢ ᠲᠠᠶᠢᠴᠢᠯᠠᠨ ᠭᠠᠵᠢᠭᠤ ᠱᠠᠰᠢᠨ ᠢ ᠡᠰᠡᠷᠭᠦᠴᠡᠬᠦ ᠲᠡᠮᠡᠴᠡᠯ ᠳᠤ ᠣᠷᠣᠯᠴᠠᠭᠤᠯᠵᠤ᠂ ᠭᠠᠵᠢᠭᠤ ᠱᠠᠰᠢᠨ ᠠᠴᠠ ᠵᠠᠶᠢᠳᠠᠵᠤ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠪᠤᠢ ᠪᠣᠯᠭᠠᠵᠤ᠂ ᠨᠡᠶᠢᠭᠡᠮ ᠣᠷᠴᠢᠨ ᠢ ᠴᠡᠪᠡᠷᠰᠢᠭᠦᠯᠬᠦ᠂ ᠠᠮᠤᠷ ᠠᠮᠤᠭᠤᠯᠠᠩ ᠡᠸᠡᠩᠬᠢ ᠶᠢ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠢᠳᠡᠪᠬᠢᠲᠡᠢ ᠨᠡᠮᠡᠷᠢᠯᠡᠨ᠎ᠡ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ