ᠨᠠᠮᠤᠷ ᠤᠨ ᠤᠯᠠᠷᠢᠯ ᠳᠤ ᠬᠡᠷᠬᠢᠨ ᠪᠡᠶ᠎ᠡ ᠴᠢᠭᠢᠷᠠᠭᠵᠢᠭᠤᠯᠬᠤ ᠪᠤᠢ︖
ᠨᠡᠶᠢᠲᠡᠯᠡᠭᠰᠡᠨ ᠴᠠᠭ᠄
2024/10/31
       ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠲᠣᠬᠢᠷᠠᠮᠵᠢᠲᠠᠢ ᠤᠯᠠᠷᠢᠯ ᠮᠥᠨ᠂ ᠨᠠᠮᠤᠷ ᠤᠨ ᠤᠯᠠᠷᠢᠯ ᠳᠤ  ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ  ᠡᠰᠡᠷᠭᠦᠴᠡᠬᠦ ᠰᠡᠳᠡᠯᠲᠡ ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ ᠳᠤᠯᠠᠭᠠᠨ ᠤ  ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ ᠦᠶ᠎ᠡ ᠳᠤ ᠬᠥᠳᠡᠯᠭᠡᠭᠡᠨ ᠬᠢᠬᠦ ᠨᠢ ᠬᠠᠮᠤᠭ ᠤᠨ ᠲᠠᠭᠠᠯᠠᠮᠵᠢᠲᠠᠢ ᠪᠠᠶᠢᠳᠠᠭ᠃       ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ  ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ ᠰᠡᠷᠭᠡᠶᠢᠯᠡᠵᠦ ᠴᠢᠳᠠᠳᠠᠭ᠃       ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ ᠡᠭᠦᠨ ᠳᠤ ᠤᠯᠠᠨ ᠵᠦᠢᠯ ᠤᠨ ᠰᠣᠩᠭᠤᠯᠲᠠ ᠪᠤᠢ᠃  ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ  ᠠᠵᠢᠯᠯᠠᠭ᠎ᠠ ᠶᠢ ᠢᠯᠡᠳᠲᠡ ᠰᠠᠶᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠮᠠᠷᠢᠶ᠎ᠠ ᠶᠢ  ᠰᠢᠭᠤᠷᠠᠭᠤᠯᠬᠤ ᠳᠤ ᠲᠤᠰᠠᠲᠠᠢ ᠪᠠᠶᠢᠳᠠᠭ᠃       ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ  ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠭᠦ ᠶᠢᠨ ᠬᠠᠮᠲᠤ ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ᠂  ᠰᠡᠳᠬᠢᠴᠡ ᠶᠢᠨ ᠳᠠᠷᠤᠯᠲᠠ ᠶᠢ ᠭᠦᠩᠭᠡᠷᠡᠭᠦᠯᠦᠨ᠎ᠡ; ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠨᠠᠭᠠᠳᠬᠤ ᠨᠢ ᠵᠢᠷᠦᠬᠡ ᠠᠭᠤᠰᠬᠢᠨ ᠤ  ᠠᠵᠢᠯᠯᠠᠭ᠎ᠠ᠂ ᠪᠤᠯᠴᠢᠩ ᠤᠨ ᠬᠦᠴᠦ᠂ ᠲᠡᠩᠴᠡᠭᠦᠷᠢ ᠶᠢᠨ ᠴᠢᠳᠠᠪᠤᠷᠢ ᠪᠠ ᠲᠤᠰᠬᠠᠯ ᠤᠨ ᠴᠢᠳᠠᠪᠤᠷᠢ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ  ᠰᠠᠶᠢᠵᠢᠷᠠᠭᠤᠯᠤᠨ᠎ᠠ; ᠪᠠᠰᠠ ᠳᠤᠭᠤᠢ ᠤᠨᠤᠬᠤ᠂ ᠦᠳᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ ᠪᠠ  ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ ᠵᠣᠬᠢᠰᠲᠠᠢ ᠬᠥᠳᠡᠯᠭᠡᠭᠡᠨ ᠢ ᠰᠣᠩᠭᠤᠵᠤ ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠃       ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ  ᠭᠤᠣᠯᠯᠠᠭᠤᠯᠵᠤ᠂ ᠳᠤᠮᠳᠠ ᠨᠠᠰᠤᠨ ᠤ ᠬᠥᠮᠥᠰ ᠲᠦᠷᠭᠡᠨ ᠠᠯᠬᠤᠬᠤ᠂ ᠤᠳᠠᠭᠠᠨ ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ  ᠬᠦᠴᠢᠯᠲᠥ᠋ᠷᠥᠭᠴᠢᠲᠦ ᠬᠥᠳᠡᠯᠭᠡᠭᠡᠨ ᠢ ᠰᠣᠩᠭᠤᠵᠤ ᠪᠤᠯᠣᠨ᠎ᠠ; ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ  ᠪᠣᠯᠣᠨ᠎ᠠ᠃ ᠨᠠᠮᠤᠷ ᠤᠨ ᠤᠯᠠᠷᠢᠯ ᠳᠤ ᠬᠥᠮᠥᠨ ᠤ ᠮᠡᠳᠡᠷᠡᠯ ᠤᠨ ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ  ᠠᠵᠢᠯᠯᠠᠭ᠎ᠠ  ᠬᠥᠭᠵᠢᠶᠡᠨ ᠲᠠᠢ ᠪᠤᠯᠬᠤ ᠬᠠᠨᠳᠤᠰᠢ ᠲᠠᠢ ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ  ᠲᠠᠮᠢᠷ ᠤᠨ ᠬᠥᠳᠡᠯᠭᠡᠭᠡᠨ ᠢ ᠬᠡᠲᠦᠷᠬᠡᠢ ᠬᠢᠬᠦ ᠠᠴᠠ  ᠪᠣᠯᠵᠤ ᠶᠠᠳᠠᠷᠠᠨ᠂ ᠠᠵᠢᠯ ᠪᠣᠯᠣᠨ ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ  ᠬᠥᠳᠡᠯᠭᠡᠭᠡᠨ ᠤ ᠡᠷᠴᠢᠮ ᠢᠶᠠᠨ ᠰᠠᠶᠢᠲᠤᠷ ᠲᠣᠬᠢᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ  ᠢᠯᠡᠭᠦᠦ ᠬᠥᠳᠡᠯᠭᠡᠭᠡᠨ ᠬᠢᠵᠦ ᠪᠤᠯᠬᠤ ᠦᠭᠡᠢ᠃ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ  ᠲᠠᠷᠠᠭ᠎ᠠ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠬᠢᠭᠰᠡᠨ ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ  ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ ᠰᠦ᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ ᠠᠮᠢᠰᠬᠤᠯ ᠤᠨ ᠵᠠᠮ ᠤᠨ  ᠰᠠᠯᠢᠰᠤᠲᠤ ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠶᠢ ᠰᠡᠷᠭᠡᠶᠢᠯᠡᠨ᠎ᠡ᠃ ᠭᠡᠳᠦ ᠬᠥᠯᠥᠰᠦ ᠭᠠᠷᠤᠭᠰᠠᠨ ᠪᠣᠯ  ᠪᠤᠴᠠᠯᠤᠭᠰᠠᠨ ᠤᠰᠤᠨ ᠳᠤ ᠪᠠᠨ ᠪᠠᠭ᠎ᠠ ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠤ ᠪᠠᠨ ᠪᠠᠭ᠎ᠠ ᠬᠡᠮᠵᠢᠶ᠎ᠡ ᠪᠠᠷ ᠤᠯᠠᠨ  ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃       ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠭᠦ ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠠᠢ ᠠᠷᠭ᠎ᠠ ᠭᠡᠯᠪᠡᠷᠢ ᠪᠣᠯᠤᠭᠰᠠᠨ ᠪᠠᠶᠢᠨ᠎ᠠ᠃ ᠤᠯᠤᠰ ᠣᠷᠣᠨ ᠤ ᠬᠥᠭᠵᠢᠯᠲᠡ ᠶᠢᠨ ᠦᠷ᠎ᠡ  ᠪᠦᠲᠦᠭᠡᠯ ᠢ ᠤᠯᠠᠨ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠳᠠᠭᠠᠯᠳᠤᠨ᠂ ᠪᠦᠭᠦ ᠠᠷᠠᠳ ᠤᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ  ᠣᠷᠤᠯᠴᠠᠬᠤ ᠣᠷᠴᠢᠨ ᠨᠥᠬᠦᠴᠡᠯ ᠤᠯᠠᠮ ᠢᠶᠠᠷ ᠰᠠᠶᠢᠵᠢᠷᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ ᠲᠤᠮᠳᠠᠳᠤ  ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ