2024 ᠣᠨ ᠤ 1 ᠰᠠᠷ᠎ᠠ ᠶᠢᠨ 24 ᠤ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠲᠥᠯᠥᠭᠡᠯᠡᠭᠴᠢᠳ ᠠ᠋᠄ | ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ | ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ︽ᠲᠠᠪᠤᠨ ᠶᠡᠭᠡ | ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠭᠤᠣᠯᠴᠢᠯᠠᠨ | ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ︽ | ᠵᠢᠷᠭᠤᠭᠠᠨ ᠵᠢᠱᠢᠶ᠎ᠡ ᠦᠵᠡᠭᠦᠯᠬᠦ ᠣᠷᠣᠨ︾ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ︽ᠳᠥᠷᠪᠡ ᠶᠢ ᠳᠡᠭᠡᠭᠰᠢᠯᠡᠭᠦᠯᠵᠦ ᠳᠥᠷᠪᠡ ᠶᠢ ᠰᠢᠪᠲᠤᠯᠬᠤ︾ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ | ᠡᠯ᠎ᠡ ᠵᠦᠢᠯ ᠤᠨ ᠬᠠᠷᠠᠯᠳᠠᠳᠤ ᠡᠭᠦᠷᠭᠡ ᠶᠢ ᠬᠠᠷᠢᠴᠠᠩᠭᠤᠢ ᠪᠠᠷ ᠨᠡᠯᠢᠶᠡᠳ ᠰᠠᠶᠢᠨ ᠪᠡᠶᠡᠯᠡᠭᠦᠯᠪᠡ᠃ | ᠡᠨᠡ ᠨᠢᠭᠡ ᠵᠢᠯ ᠳᠤ᠂ ᠠᠵᠤ ᠠᠬᠤᠢ ᠶᠢᠨ ᠬᠦᠨᠳᠦᠷᠡᠯ ᠳᠤᠮᠳᠠ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠲᠣᠭᠲᠠᠭᠤᠨ ᠢᠶᠠᠷ ᠰᠠᠶᠢᠵᠢᠷᠠᠬᠤ | ᠦᠭᠡᠳᠡᠷᠬᠡᠭ ᠪᠠᠶᠢᠳᠠᠯ ᠢᠯᠡᠷᠡᠭᠰᠡᠨ ᠪᠠᠶᠢᠨ᠎ᠠ᠃ ᠥᠨᠳᠥᠷ ᠰᠠᠭᠤᠷᠢ ᠲᠤᠭ᠎ᠠ ᠪᠠᠷ ᠰᠠᠭᠤᠷᠢᠯᠠᠬᠤ᠂ ᠦᠢᠯᠡᠳᠪᠦᠷᠢᠯᠡᠯ ᠤᠨ ᠴᠢᠳᠠᠮᠵᠢ ᠶᠢᠨ ᠣᠳᠠᠭᠠᠰᠢᠷᠠᠯ ᠵᠢᠴᠢ | ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠣᠰᠣᠯ ᠠᠳᠡᠯ ᠵᠡᠷᠭᠡ ᠠᠰᠢᠭ ᠦᠭᠡᠢ ᠨᠦᠭᠦᠴᠡᠯ ᠤᠨ ᠡᠮᠦᠨ᠎ᠡ᠂ ᠪᠢᠳᠡ ᠢᠮᠠᠭᠲᠠ ᠬᠥᠭᠵᠢᠯᠲᠡ ᠶᠢᠨ | ᠢᠲᠡᠭᠡᠯ ᠵᠣᠷᠢᠭ ᠢᠶᠠᠨ ᠪᠠᠲᠤᠳᠬᠠᠵᠤ᠂ ᠤᠨᠢᠨ ᠳᠡᠭᠡᠷ᠎ᠡ ᠨᠢ ᠬᠦᠴᠦᠯᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠬᠠᠨᠳᠣᠰᠢ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ 2023 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 183 ᠳ᠋ᠦᠩᠰᠢᠭᠤᠷ ᠲᠥᠭᠦᠷᠢᠭ᠂4.4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠭᠤᠷᠪᠠᠨ ᠵᠢᠯ ᠳᠠᠷᠠᠭᠠᠯᠠᠨ ᠪᠥᠬᠦ ᠬᠤᠲᠠ ᠳᠤ | ᠭᠤᠷᠪᠠᠳᠤᠭᠠᠷ ᠲᠤ ᠵᠢᠭᠰᠠᠭᠠᠭᠳᠠᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠪᠥᠬᠦ ᠬᠤᠲᠠ ᠶᠢᠨ ᠨᠢᠭᠡᠳᠦᠭᠡᠷ ᠡᠩᠨᠡᠭᠡᠨ ᠳᠤ ᠣᠷᠣᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠱᠢᠯᠲᠡ ᠪᠠᠷ 32.99 ᠳ᠋ᠦᠩᠰᠢᠭᠤᠷ ᠲᠥᠭᠦᠷᠢᠭ ᠂ 12% ᠢᠶᠠᠷ ᠨᠡᠮᠡᠭᠳᠡᠵᠦ᠂ 4 ᠵᠢᠯ ᠳᠠᠷᠠᠭᠠᠯᠠᠨ 10% | ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠶᠡᠷᠦᠩᠬᠡᠢ ᠬᠡᠮᠵᠢᠶ᠎ᠡ ᠪᠠᠷ ᠢᠶᠠᠨ ᠣᠶᠢᠷ᠎ᠠ ᠶᠢᠨ ᠵᠢᠯ ᠤᠨ ᠬᠠᠮᠤᠭ ᠤᠨ ᠥᠨᠳᠥᠷ ᠲᠦᠪᠰᠢᠨ ᠳᠤ ᠬᠥᠷᠪᠡ︔ | ᠭᠠᠶᠢᠯᠢ ᠶᠢᠨ ᠣᠷᠣᠯᠭ᠎ᠠ ᠶᠢ 10.77 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5% ᠪᠠᠷ ᠨᠡᠮᠡᠭᠳᠡᠪᠡ ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ 14.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 28.2% ᠢᠶᠠᠷ ᠨᠡᠮᠡᠭᠳᠡᠨ᠂ ᠭᠠᠶᠢᠯᠢ ᠲᠠᠲᠠᠪᠤᠷᠢ ᠶᠢᠨ ᠣᠷᠣᠯᠭ᠎ᠠ ᠪᠣᠯᠣᠨ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠳᠤᠮᠳᠠᠴᠢ ᠪᠠᠷ ᠳᠠᠬᠢᠨ ᠢᠶᠠᠷ ᠨᠡᠮᠡᠭᠳᠡᠭᠦᠯᠵᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ︔ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 38817 ᠲᠥᠭᠦᠷᠢᠭ ᠪᠡᠶᠡᠯᠡᠭᠦᠯᠵᠦ᠂ 5.8% ᠪᠠᠷ ᠨᠡᠮᠡᠭᠳᠡᠪᠡ᠂ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ | ᠥᠨᠳᠥᠷ᠃ ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ | 38873 ᠲᠥᠭᠦᠷᠢᠭ᠂ 33349 ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠨᠡᠮᠡᠭᠳᠡᠯ ᠤᠨ ᠬᠤᠷᠳᠤᠴᠠ ᠨᠢ ᠴᠥᠮ 7.4% ᠳᠤ ᠬᠦᠷᠴᠦ᠂ ᠠᠷᠠᠳ ᠣᠯᠠᠨ | ᠬᠥᠭᠵᠢᠯᠲᠡ ᠶᠢᠨ ᠠᠰᠢᠭ ᠬᠦᠷᠲᠡᠭᠡᠯ ᠢ ᠭᠦᠢᠴᠡᠳ ᠡᠳ᠋ᠯᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠵᠡᠷᠭᠡ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠵᠤ᠂ ᠠᠵᠤ ᠠᠬᠤᠢ ︽ᠲᠣᠭᠲᠠᠭᠤᠨ ᠢᠶᠠᠷ ᠨᠡᠮᠡᠭᠳᠡᠬᠦ︾ ᠰᠠᠭᠤᠷᠢᠨ ᠳᠡᠭᠡᠷ᠎ᠡ ︽ᠲᠦᠷᠭᠡᠨ ᠬᠥᠭᠵᠢᠬᠦ︾ ᠶᠢ ᠪᠡᠶᠡᠯᠡᠭᠦᠯᠵᠦ᠂ ᠪᠥᠬᠦ ᠬᠤᠲᠠ ᠶᠢᠨ | ᠬᠥᠭᠵᠢᠯᠲᠡ ᠶᠢᠨ ᠶᠡᠭᠡ ᠲᠠᠯ᠎ᠠ ᠳᠤ ᠳᠣᠪᠣᠶᠢᠮ᠎ᠠ ᠬᠤᠪᠢ ᠨᠡᠮᠡᠷᠢ ᠥᠵᠡᠭᠦᠯᠪᠡ᠃ | ᠡᠨᠡ ᠨᠢᠭᠡ ᠵᠢᠯ ᠳᠤ᠂ ᠪᠢᠳᠡ ᠬᠢᠵᠢᠭ ᠠᠴᠠ ᠰᠡᠭᠦᠯᠡᠷᠬᠢ ᠱᠠᠲᠤᠨ ᠳᠤ ᠣᠷᠣᠰᠢᠨ᠂ ᠢᠳᠡᠪᠬᠢᠲᠡᠢ ᠪᠠᠷ ᠡᠭᠦᠷᠭᠡᠯᠡᠨ ᠠᠵᠢᠯᠯᠠᠵᠤ᠂ ᠣᠯᠠᠨ ᠵᠦᠢᠯ ᠦᠨᠠᠷᠭ᠎ᠠ | ᠠᠪᠴᠠᠯ ᠢᠶᠠᠷ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠪᠠ᠃ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠳᠤ | ᠬᠦᠴᠦᠨ ᠨᠡᠮᠡᠷᠢᠯᠡᠵᠦ᠂ ᠯᠢᠦᠢ ᠰᠢᠶᠠᠩ᠂ ᠴᠢᠷᠮᠠᠢ ᠵᠡᠷᠭᠡ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠶᠠᠩᠰᠤ᠂ ᠭᠤᠸᠠᠩᠵᠧᠦ ᠵᠡᠷᠭᠡ ᠭᠠᠵᠠᠷ ᠲᠤ ᠭᠠᠷᠣᠯᠲᠠ | ᠪᠦᠲᠦᠭᠡᠭᠳᠡᠬᠦᠨ ᠢᠶᠠᠨ ᠳᠡᠯᠭᠡᠨ ᠪᠣᠷᠣᠯᠠᠭᠤᠯᠬᠤ ᠵᠢᠴᠢ ᠰᠢᠨᠵᠢᠨ ᠥᠨᠡᠯᠡᠭᠦᠯᠦᠨ ᠳᠡᠯᠭᠡᠷᠡᠭᠦᠯᠪᠡ᠃ ︽ᠥᠷᠨᠢᠭᠦᠨ ᠬᠦᠭᠵᠢᠶᠡᠨᠲᠦ ᠡᠸᠡᠩᠭᠢ᠂ ᠦᠯᠡᠮᠵᠢ ᠠᠰᠠᠷᠠᠮᠵᠢᠲᠤ | ᠠᠷᠠᠯᠵᠢᠶ᠎ᠠ︾ ᠮᠡᠲᠦ ᠶᠢᠨ ᠬᠡᠷᠡᠭᠯᠡᠯᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠤᠲᠠ ᠬᠤᠰᠢᠭᠤ ᠬᠤᠶᠠᠷ ᠱᠠᠲᠤᠨ ᠤ ᠡᠯ᠎ᠡ ᠲᠥᠷᠥᠯ ᠤᠨ | ᠬᠡᠷᠡᠭᠯᠡᠭᠡᠨ ᠤ ᠲᠡᠮᠳᠡᠭᠲᠦ ᠶᠢ 1157.5 ᠲᠦᠮᠡᠨ ᠲᠥᠭᠦᠷᠢᠭ ᠲᠠᠷᠬᠠᠭᠠᠵᠤ᠂ 6.57 ᠳ᠋ᠦᠩᠰᠢᠭᠤᠷ ᠲᠥᠭᠦᠷᠢᠭ ᠤᠨ ᠬᠡᠷᠡᠭᠯᠡᠯᠭᠡ ᠶᠢ ᠳᠠᠶᠢᠴᠢᠯᠠᠪᠠ᠃ ᠨᠡᠶᠢᠭᠡᠮ ᠤᠨ | ᠬᠡᠷᠡᠭᠯᠡᠯᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠵᠢᠱᠢᠯᠲᠡ ᠪᠠᠷ 32.16 ᠳ᠋ᠦᠩᠰᠢᠭᠤᠷ ᠲᠥᠭᠦᠷᠢᠭ ᠲᠤ ᠬᠦᠷᠴᠦ᠂ 3.2% ᠪᠠᠷ ᠨᠡᠮᠡᠭᠳᠡᠨ᠂ | ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ︽ᠡᠸᠡᠩᠬᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ︾ ᠢ ᠡᠷᠭᠢᠯᠡᠵᠦ᠂ 6 | ᠲᠦᠮᠡ ᠰᠢᠬᠠᠮ ᠬᠥᠮᠥᠨ ᠤᠷᠣᠯᠴᠠᠨ᠂ ᠨᠤᠲᠤᠭ ᠤᠨ ᠳᠠᠭᠤᠤ ᠬᠥᠭᠵᠢᠮ ᠤᠨ ᠨᠠᠶᠢᠷ ᠤᠨ ᠨᠠᠷᠠᠲᠤ ᠲᠡᠮᠳᠡᠭ ᠢ ᠠᠮᠵᠢᠯᠲᠠ ᠲᠠᠢ ᠡᠭᠦᠳᠴᠦ᠂ ᠣᠯᠠᠨ ᠲᠦᠮᠡᠨ ᠢ | ᠡᠭᠦᠳᠡᠨ ᠡᠮᠦᠨ᠎ᠡ ᠨᠢ ᠥᠨᠳᠥᠷ ᠶᠠᠰᠤ ᠴᠢᠨᠠᠷ ᠲᠠᠢ ᠳᠠᠭᠤᠤ ᠬᠥᠭᠵᠢᠮ ᠤᠨ ᠦᠪᠡᠳᠡᠭᠰᠢ ᠨᠠᠶᠢᠷ ᠰᠣᠨᠢᠷᠬᠠᠭᠤᠯᠪᠠ᠃ ︽ᠪᠣᠳᠠᠰ ᠤᠨ ᠪᠤᠰᠤ ᠰᠣᠶᠣᠯ ᠤᠨ ᠥᠪᠲᠦ | ᠳᠤᠮᠳᠠᠳᠤ ᠤᠯᠤᠰ︾ ︵ᠥᠪᠥᠷ ᠮᠣᠩᠭᠤᠯ ᠤᠨ ᠪᠦᠯᠦᠭ︶ ᠢ ᠰᠡᠭᠦᠳᠡᠷᠯᠡᠬᠦ ᠠᠵᠢᠯ ᠢ ᠳᠠᠭᠠᠭᠠᠨ ᠭᠦᠢᠴᠡᠳᠬᠡᠵᠦ᠂ ︽ᠦᠵᠡᠮᠵᠢ ᠶᠢᠨ ᠣᠷᠣᠨ + ᠪᠣᠳᠠᠰ ᠤᠨ ᠪᠤᠰᠤ | ᠰᠣᠶᠣᠯ ᠤᠨ ᠥᠪ ︾ ᠬᠥᠭᠵᠢᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠣᠶᠣᠯ ᠵᠢᠭᠤᠯᠴᠢᠯᠠᠯ ᠤᠨ ᠥᠷᠢᠰᠦᠯᠳᠦᠭᠡᠨ ᠤ ᠤᠶᠤᠨᠯᠢᠭ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠨᠡ ᠨᠢᠭᠡ ᠵᠢᠯ ᠳᠤ᠂ ᠪᠢᠳᠡ ᠠᠮᠢ ᠠᠬᠤᠢ ᠶᠢ ᠲᠡᠩᠴᠡᠭᠦᠷᠢᠲᠡᠢ ᠪᠠᠶᠢᠯᠭᠠᠬᠤ ᠪᠠ ᠬᠥᠭᠵᠢᠯᠲᠡ ᠶᠢᠨ ᠳᠤᠮᠳᠠ ᠨᠢᠭᠡᠳᠦᠭᠰᠡᠨ ᠰᠠᠨᠠᠯ ᠢᠶᠠᠨ ᠨᠡᠶᠢᠳᠭᠡᠵᠦ᠂ | ᠲᠠᠷᠢᠶᠠᠯᠠᠭ᠎ᠠ ᠶᠢ ᠪᠠᠲᠤᠯᠠᠵᠤ ᠠᠮᠤ ᠪᠤᠳᠠᠭ᠎ᠠ ᠶᠢ ᠲᠣᠭᠲᠠᠪᠤᠷᠢᠵᠢᠭᠤᠯᠬᠤ ᠪᠠ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ | ᠪᠣᠯᠪᠠ᠃ ︽ ᠪᠦᠬᠦ ᠬᠦᠨᠡᠰᠦᠨ ᠤ ᠦᠵᠡᠯᠲᠡ︾ ᠶᠢ ᠪᠠᠲᠤ ᠪᠠᠬᠢ ᠪᠣᠶ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠤ | ᠥᠨᠳᠦᠰᠦᠨ ᠱᠠᠭᠠᠷᠳᠠᠯᠭ᠎ᠠ ᠶᠢ ᠪᠠᠷᠢᠮᠲᠠᠯᠠᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠲᠠᠷᠢᠮᠠᠯ ᠤᠨ ᠳᠠᠷᠢᠬᠤ ᠲᠠᠯᠠᠪᠠᠶ ᠶᠢ 15.5 ᠲᠦᠮᠡᠨ ᠮᠦ ᠳᠡᠭᠡᠭᠰᠢᠯᠡᠭᠦᠯᠵᠦ᠂ ᠡᠯ᠎ᠡ ᠵᠦᠢᠯ ᠤᠨ ᠦᠢᠯᠡᠳᠪᠦᠷᠢᠯᠡᠯ ᠤᠨ ᠬᠠᠷᠠᠯᠳᠠᠳᠣ ᠡᠭᠦᠷᠭᠡ ᠶᠢ ᠳᠠᠪᠠᠭᠤᠯᠤᠨ | ᠪᠡᠶᠡᠯᠡᠭᠦᠯᠪᠡ᠃ ᠡᠪᠡᠰᠦ ᠪᠣᠷᠳᠤᠭ᠎ᠠ ᠶᠢᠨ ᠠᠵᠤ ᠦᠢᠯᠡᠰ ᠤᠨ ︽ᠪᠣᠯᠣᠮᠵᠢ ᠶᠢᠨ ᠬᠤᠭᠤᠴᠠᠭ᠎ᠠ︾ ᠶᠢ ᠵᠠᠪᠳᠤᠨ ᠠᠳᠬᠤᠵᠤ᠂ ᠣᠯᠠᠨ ᠲᠠᠯ᠎ᠠ ᠶᠢᠨ ᠬᠦᠴᠦᠨ ᠢ | ᠨᠢᠭᠡᠳᠦᠯᠲᠡᠢ ᠲᠥᠯᠥᠪᠯᠡᠨ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠪᠠᠷ ᠬᠦᠴᠦᠯᠡᠨ ᠠᠬᠢᠭᠤᠯᠵᠤ᠂ 13.54 ᠲᠦᠮᠡᠨ ᠮᠦ ᠬᠢᠶᠠᠭ | ᠡᠪᠡᠰᠦ ᠳᠠᠷᠢᠵᠤ᠂ 20.9 ᠲᠦᠮᠡᠨ ᠮᠦ ᠨᠣᠬᠠᠢ ᠶᠢᠨ ᠬᠤᠰᠢᠭᠤ ᠡᠪᠡᠰᠦ ᠳᠠᠷᠢᠵᠤ᠂ ᠠᠵᠤ ᠦᠢᠯᠡᠰ ᠤᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠡᠯᠪᠡᠷᠢ ᠶᠢ ᠪᠠᠷᠢᠮᠵᠢᠶᠠᠵᠢᠭᠤᠯᠬᠤ᠂ ᠬᠤᠷᠢᠵᠣ | ᠬᠠᠰᠢᠶᠠᠯᠠᠨ ᠲᠡᠵᠢᠭᠡᠬᠦ ᠳᠠᠰᠢ ᠬᠤᠪᠢᠷᠠᠭᠤᠯᠬᠤ ᠳᠤ ᠰᠠᠭᠤᠷᠢ ᠲᠠᠯᠪᠢᠪᠠ᠃ | ᠡᠨᠡ ᠨᠢᠭᠡ ᠵᠢᠯ ᠳᠤ᠂ ᠪᠢᠳᠡ ᠡᠳ᠋ ᠤᠨ ᠵᠠᠰᠠᠭ ᠢ ᠪᠠᠴᠢᠮ ᠲᠡᠩᠴᠡᠭᠦᠷᠢᠰᠢᠭᠦᠯᠬᠦ ᠨᠦᠭᠦᠴᠡᠯ ᠳᠣᠣᠷ᠎ᠠ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ | ᠲᠡᠦᠬᠡ ᠶᠢᠨ ᠥᠷᠢ ᠰᠢᠷᠢ ᠶᠢ ᠰᠢᠢᠳᠪᠦᠷᠢᠯᠡᠬᠦ ᠲᠠᠯ᠎ᠠ ᠪᠠᠷ ᠪᠣᠳᠠᠲᠤ ᠦᠷ᠎ᠡ ᠠᠰᠢᠭ ᠲᠠᠢ ᠪᠣᠯᠪᠠ᠃ ︽ᠥᠷᠢ ᠵᠢᠭᠡᠯᠡᠯᠭᠡ ᠪᠠᠨ ᠲᠦᠯᠦᠵᠦ ᠴᠡᠪᠡᠷᠯᠡᠬᠦ ᠪᠣᠯ ᠪᠠᠰᠠ ᠴᠤ | ᠵᠠᠰᠠᠭ ᠤᠨ ᠠᠵᠢᠯ ᠤᠨ ᠠᠮᠵᠢᠯᠲᠠ ᠮᠥᠨ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠠᠬᠢᠨ ᠪᠡᠯᠡ ᠲᠣᠬᠢᠷᠠᠭᠤᠯᠬᠤ ᠡᠩ ᠤᠨ ᠵᠢᠭᠡᠯᠡᠯᠭᠡ ᠶᠢᠨ ᠲᠡᠮᠳᠡᠭᠲᠦ ᠪᠠ ᠳᠠᠬᠢᠨ ᠪᠡᠯᠡ ᠲᠣᠬᠢᠷᠠᠭᠤᠯᠬᠤ | ᠣᠨᠴᠠᠭᠠᠶ ᠵᠢᠭᠡᠯᠡᠯᠭᠡ ᠶᠢᠨ ᠲᠡᠮᠳᠡᠭᠲᠦ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠥᠬᠦ ᠬᠤᠰᠢᠭᠤᠨ ᠤ ᠬᠡᠷᠡᠭᠯᠡᠵᠦ ᠪᠣᠯᠬᠤ ᠡᠳ᠋ ᠬᠥᠷᠥᠩᠭᠡ ᠶᠢ ᠬᠠᠤᠯᠢ | ᠲᠣᠭᠲᠠᠭᠠᠯ ᠶᠣᠰᠣᠭᠠᠷ ᠢᠯᠭᠠᠷᠠᠭᠤᠯᠤᠨ ᠳᠢᠭᠯᠡᠵᠦ᠂ ᠣᠷᠣᠨ ᠨᠤᠲᠤᠭ ᠤᠨ ᠥᠷᠢ ᠥᠭᠴᠡᠭᠡ ᠶᠢᠨ ᠡᠷᠡᠰᠳᠡᠯ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠪᠠ᠃ | ᠵᠢᠯ ᠤᠨ ᠳᠣᠲᠣᠷ᠎ᠠ ᠨᠡᠶᠢᠲᠡ 10.6 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠲᠥᠯᠥᠵᠦ᠂ ᠥᠷᠢ ᠥᠭᠴᠡᠭᠡ ᠶᠢᠨ ᠡᠷᠡᠰᠳᠡᠯ ᠤᠨ ᠲᠠᠰ ᠢ ᠤᠯᠠᠪᠤᠷ | ᠥᠩᠭᠡ ᠠᠴᠠ ᠰᠢᠷ᠎ᠠ ᠥᠩᠭᠡ ᠪᠣᠯᠭᠠᠨ ᠪᠠᠭᠤᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠲᠣᠭᠲᠠᠭᠤᠨ ᠢᠶᠠᠷ | ᠪᠠᠭᠤᠷᠠᠭᠤᠯᠵᠤ ᠂ ᠥᠷᠢ ᠥᠭᠴᠡᠭᠡ ᠶᠢ ᠳᠠᠬᠢᠨ ᠥᠯᠥ ᠨᠡᠮᠡᠭᠳᠡᠭᠦᠯᠬᠦ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠢ ᠡᠷᠡᠰᠳᠡᠯ ᠥᠯᠥ ᠡᠭᠦᠰᠬᠦ | ᠥᠨᠳᠥᠰᠥᠨ ᠱᠤᠭᠤᠮ ᠢ ᠪᠠᠲᠤ ᠰᠠᠬᠢᠪᠠ᠃ | ᠡᠨᠡ ᠨᠢᠭᠡ ᠵᠢᠯ ᠳᠤ᠂ ᠪᠢᠳᠡ ᠡᠷᠡᠰᠳᠡᠯ ᠥᠷᠢᠰᠦᠯᠳᠦᠭᠡᠨ ᠤ ᠳᠤᠮᠳᠠ ᠡᠷᠡᠯᠬᠡᠭᠯᠡᠨ ᠤᠷᠤᠭᠰᠢᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠬᠦᠴᠦᠯᠡᠨ ᠬᠠᠮᠠᠭᠠᠯᠠᠪᠠ᠃ 2023 ᠣᠨ ᠪᠣᠯ ᠶᠡᠷᠦ ᠪᠤᠰᠤ ᠶᠢᠨ ᠨᠢᠭᠡ ᠵᠢᠯ ᠮᠥᠨ᠂ ᠲᠠᠶᠢᠹᠧᠩ ᠰᠠᠯᠬᠢ ᠳ᠋ᠦ᠋ ᠰᠦ ᠷᠦᠢ ᠶᠢᠨ ᠨᠥᠯᠥᠭᠡ ᠪᠠᠷ᠂ | ᠪᠢᠳᠡ ᠬᠤᠪᠣᠷ ᠲᠣᠬᠢᠶᠠᠯᠳᠤᠬᠤ ᠠᠭᠠᠳᠠᠷ ᠪᠣᠷᠣᠭᠠᠨ ᠤ ᠴᠠᠭ ᠠᠭᠤᠷ ᠢ ᠦᠩᠭᠡᠷᠡᠭᠦᠯᠪᠡ᠂ ᠲᠥᠪ ᠬᠤᠲᠠ ᠲᠣᠭᠤᠷᠢᠭ ᠪᠣᠯᠬᠤ ᠪᠠᠶᠠᠨᠲᠤᠬᠠᠢ ᠪᠠᠯᠭᠠᠰᠤᠨ ᠤ ᠬᠤᠷ᠎ᠠ | ᠲᠤᠨᠤᠳᠠᠰᠤ ᠶᠢᠨ ᠬᠡᠮᠵᠢᠶ᠎ᠡ ᠲᠡᠦᠬᠡ ᠶᠢᠨ ᠲᠤᠶᠢᠯ ᠤᠨ ᠬᠡᠮᠵᠢᠭᠳᠡᠯ ᠠᠴᠠ ᠳᠠᠪᠠᠵᠤ᠂ ᠡᠪᠦᠯ ᠤᠨ ᠲᠣᠶᠢᠯᠰᠢᠷᠠᠭᠰᠠᠨ ᠬᠦᠢᠲᠡᠨ ᠠᠭᠤᠷ ᠠᠮᠢᠰᠬᠤᠯ ᠢ ᠴᠤ ᠥᠩᠭᠡᠷᠡᠭᠦᠯᠪᠡ᠃ | ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠶᠡᠭᠡ ᠦᠶᠡᠷ ᠢ | ᠰᠡᠷᠭᠡᠶᠢᠯᠡᠵᠦ᠂ ᠶᠡᠭᠡ ᠠᠶᠤᠯ ᠠᠴᠠ ᠠᠮᠵᠢᠭᠤᠯᠵᠤ᠂ ᠶᠡᠭᠡ ᠭᠠᠮᠰᠢᠭ ᠠᠴᠠ ᠠᠪᠤᠷᠠᠵᠤ᠂ ᠤᠯᠠᠨ ᠡᠭᠡᠯᠵᠢ ᠶᠢᠨ ᠣᠨᠴᠠᠭᠠᠢ ᠴᠠᠭ ᠠᠭᠤᠷ ᠢ ᠪᠦᠲᠦᠮᠵᠢᠲᠡᠢ ᠠᠷᠭᠠᠴᠠᠵᠤ᠂ | ᠦᠶᠡᠷ ᠢ ᠰᠡᠷᠭᠡᠶᠢᠯᠡᠵᠦ ᠠᠪᠤᠷᠠᠨ ᠲᠣᠰᠠᠯᠠᠬᠤ ᠪᠠ ᠬᠤᠷᠠᠭᠰᠠᠨ ᠴᠠᠰᠤ ᠶᠢ ᠲᠦᠯᠬᠢᠵᠦ ᠵᠠᠮ ᠨᠡᠪᠲᠡᠷᠡᠭᠦᠯᠬᠦ ︽ᠡᠸᠡᠩᠬᠢ ᠶᠢᠨ ᠬᠤᠷᠳᠣ︾ ᠪᠠᠷ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠥᠷᠭᠡᠨ ᠤᠯᠠᠨ ᠲᠦᠮᠡᠨ ᠤ ︽ᠮᠠᠭᠲᠠᠭᠠᠯ ᠰᠠᠶᠢᠰᠢᠶᠠᠯ︾ ᠢ | ᠣᠯᠪᠠ᠃ |