ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2024/10/9
       ᠨᠢᠭᠡ ᠵᠢᠯ ᠤᠨ ᠲᠤᠷᠰᠢ᠂ ᠪᠢᠳᠡ ᠭᠤᠣᠯᠳᠠᠯᠭ᠎ᠠ ᠶᠢ ᠲᠣᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠭᠤ ᠵᠢᠷᠭᠤᠭᠠᠨ ᠲᠠᠯ᠎ᠠ ᠶᠢᠨ ᠠᠵᠢᠯ ᠢ ᠬᠢᠪᠡ᠄       ︵ᠨᠢᠭᠡ︶ ᠲᠣᠭᠲᠠᠭᠤᠨ ᠢᠶᠠᠷ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ  ᠲᠦᠷᠭᠡᠳᠭᠡᠪᠡ       ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠦᠷᠭᠦᠯᠵᠢᠯᠡᠨ ᠪᠠᠬᠢᠵᠢᠪᠡ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.2% ᠨᠡᠮᠡᠭᠳᠡᠪᠡ᠂ ᠲᠣᠰ ᠣᠨ ᠤ ᠮᠠᠯ ᠤᠨ ᠲᠤᠭ᠎ᠠ ᠲᠣᠯᠣᠭᠠᠢ 129.99 ᠲᠦᠮᠡ ᠳᠤ ᠬᠦᠷᠴᠦ᠂ ᠪᠥᠬᠦ ᠵᠢᠯ ᠤᠨ ᠰᠦᠨ ᠤ ᠭᠠᠷᠤᠯᠲᠠ 7.4 ᠲᠦᠮᠡᠨ ᠲᠣᠨ᠂ ᠮᠢᠬᠠᠨ ᠤ ᠭᠠᠷᠤᠯᠲᠠ 2.4 ᠲᠦᠮᠡᠨ ᠲᠣᠨ ᠳᠤ ᠬᠥᠷᠪᠡ᠃ ᠮᠠᠯᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ 24 ᠡᠷᠦᠬᠡ ᠶᠢ ᠳᠡᠭᠡᠭᠰᠢᠯᠡᠭᠦᠯᠦᠨ ᠥᠭᠡᠷᠡᠴᠢᠯᠡᠵᠦ᠂ ᠠᠯᠠᠰᠢᠨ ᠦᠬᠡᠷ ᠠᠯᠠᠰᠢᠨ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ ᠶᠢ 7 ᠡᠭᠦᠳᠦᠨ ᠪᠠᠶᠢᠭᠤᠯᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ 53 ᠰᠢᠨ᠎ᠡ ᠪᠠᠷ ᠨᠡᠮᠡᠭᠳᠡᠭᠦᠯᠪᠡ᠃  ᠰᠠᠨ ᠾᠧ ᠠᠳᠣᠭᠤ  2023 ᠣᠨ ᠤ ᠳᠤᠮᠳᠠᠳᠤ ᠤᠯᠤᠰ ᠤᠨ ᠮᠠᠯ ᠠᠵᠤ ᠠᠬᠤᠢ ᠶᠢᠨ ᠭᠠᠵᠠᠷ ᠵᠦᠢ ᠶᠢᠨ ᠪᠡᠯᠭᠡ ᠲᠡᠮᠲᠡᠭᠲᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ  ᠪᠠᠷ ᠰᠢᠯᠭᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠪᠠᠷᠠᠭ᠎ᠠ ᠪᠠᠷ ᠵᠢᠭᠠᠨ ᠲᠤᠭᠲᠠᠭᠠᠭᠰᠠᠨ ᠶᠠᠰᠤ ᠴᠢᠨᠠᠷ  ᠢ ᠥᠨᠡᠯᠡᠬᠦ‍ ᠴᠢᠭ 2 ᠢ ᠰᠢᠨ᠎ᠡ ᠪᠠᠷ ᠨᠡᠮᠡᠭᠳᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠳᠡᠭᠡᠭᠰᠢᠯᠡᠪᠡ᠃ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠦᠦ ᠦᠷᠲᠡᠭ ᠤᠨ ᠨᠡᠮᠡᠭᠳᠡᠴᠡ ᠨᠢ 5.3% ᠪᠣᠯᠣᠨ᠎ᠠ᠂ 253.22 ᠳ᠋ᠦᠩᠰᠢᠭᠤᠷ ᠺᠢᠯᠣᠸᠠᠲ ᠴᠠᠭ ᠴᠠᠬᠢᠯᠭᠠᠨ  ᠭᠠᠷᠭᠠᠵᠤ᠂ ᠲᠦᠭᠦᠬᠡᠢ ᠨᠡᠭᠦᠷᠡᠰᠦ 4846.54 ᠲᠦᠮᠡᠨ ᠲᠣᠨ ᠥᠢᠯᠡᠳᠪᠦᠷᠢᠯᠡᠨ᠂ ᠲᠡᠥᠬᠡ ᠶᠢᠨ ᠰᠢᠨ᠎ᠡ ᠥᠨᠳᠦᠷ ᠢ ᠡᠭᠦᠳᠪᠡ᠃ ᠤᠯᠠᠮᠵᠢᠯᠠᠯᠲᠤ ᠠᠵᠤ ᠦᠢᠯᠡᠰ ᠰᠢᠯᠢᠳᠡᠭ ᠢ ᠡᠭᠦᠳᠦᠨ ᠲᠠᠰ ᠳᠡᠪᠰᠢᠪᠡ᠂ ᠢᠮᠢᠨ ᠵᠠᠳᠠᠭᠠᠢ ᠠᠭᠤᠷᠬᠠᠢ ᠶᠢᠨ ᠵᠢᠯ ᠳᠤ 3500 ᠲᠦᠮᠡᠨ ᠲᠣᠨ ᠦᠢᠯᠡᠳᠪᠦᠷᠢᠯᠡᠬᠦ ᠦᠢᠯᠡᠳᠪᠦᠷᠢᠯᠡᠯ ᠤᠨ ᠰᠢᠰᠲ᠋ᠧᠮ ᠪᠠ ᠦᠢᠯᠡᠳᠪᠦᠷᠢ ᠳᠤ ᠬᠡᠷᠡᠭᠯᠡᠬᠦ ᠠᠭᠤᠷᠬᠠᠢ ᠳᠤ ᠬᠡᠷᠡᠭᠯᠡᠬᠦ ᠰᠢᠨ᠎ᠡ ᠡᠨᠧᠷᠭᠢ ᠶᠢᠨ ᠣᠷᠤᠯᠠᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠨ᠂ ᠡᠸᠡᠩᠬᠢ ᠴᠠᠬᠢᠯᠭᠠᠨ ᠦᠢᠯᠡᠳᠪᠦᠷᠢ ᠶᠢᠨ ᠶᠡᠷᠦᠩᠬᠡᠢ ᠡᠨᠧᠷᠭᠢ ᠠᠷᠪᠢᠯᠠᠬᠤ ᠬᠤᠷᠣᠭᠳᠠᠯ ᠢ ᠪᠠᠭᠠᠰᠬᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠢᠮᠢᠨ ᠨᠡᠭᠦᠷᠡᠰᠦ ᠴᠠᠬᠢᠯᠭᠠᠨ ᠤ ᠠᠭᠤᠷᠬᠠᠢ ᠶᠢᠨ 5G + ᠵᠢᠯᠣᠭᠤᠴᠢ ᠦᠭᠡᠢ ᠠᠴᠢᠶᠠᠨ ᠤ ᠮᠠᠰᠢᠨ ᠢ ᠣᠶᠣᠨᠴᠢᠯᠠᠬᠤ ᠥᠭᠡᠷᠡᠴᠢᠯᠡᠯᠲᠡ ᠶᠢ ᠤᠷᠢᠳᠴᠢᠯᠠᠨ ᠪᠡᠶᠡᠯᠡᠭᠦᠯᠵᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.74 ᠳ᠋ᠦᠩᠰᠢᠭᠤᠷ ᠲᠥᠭᠦᠷᠢᠭ ᠲᠤ ᠬᠦᠷᠴᠦ᠂ 51.4% ᠪᠠᠷ ᠨᠡᠮᠡᠭᠳᠡᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠡᠷᠴᠢᠮᠵᠢᠭᠦᠯᠦᠨ ᠬᠥᠭᠵᠢᠭᠦᠯᠵᠦ᠂ ᠢᠮᠢᠨ ᠨᠡᠭᠦᠷᠡᠰᠦ ᠴᠠᠬᠢᠯᠭᠠᠨ ᠤ ᠲᠠᠷᠬᠠᠮᠠᠯ ᠬᠡᠷᠡᠯ ᠴᠡᠨᠡᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠬᠡᠷᠡᠭᠯᠡᠪᠡ᠃ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠪᠣᠯᠵᠣᠭᠠᠳᠣ ᠣᠪᠣᠭ᠎ᠠ᠂ ᠬᠤᠩᠭᠤᠯᠵᠢ ᠵᠢᠭᠠᠷᠲᠣ ᠨᠠᠷᠠᠰᠣ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠦᠵᠡᠮᠵᠢ ᠶᠢᠨ ᠣᠷᠣᠨ ᠢ ᠰᠢᠨᠡᠳᠭᠡᠵᠦ ᠲᠡᠰ ᠳᠡᠪᠰᠢᠭᠦᠯᠦᠨ᠂ ᠤᠢ ᠰᠢᠭᠤᠢ ᠪᠠᠷ ᠡᠷᠡᠭᠦᠯ ᠮᠡᠨᠳᠦ ᠪᠠᠨ ᠳᠣᠲᠣᠮᠳᠠᠬᠤ᠂ ᠬᠡᠭᠡᠷ᠎ᠡ ᠪᠠᠭᠤᠳᠠᠯᠯᠠᠬᠤ + ᠮᠣᠷᠢᠲᠤ ᠠᠶᠠᠯᠠᠯ᠂ ᠠᠵᠤ ᠦᠢᠯᠡᠳᠪᠦᠷᠢ ᠶᠢᠨ ᠵᠤᠭᠠᠴᠠᠯ ᠵᠡᠷᠭᠡ ᠰᠢᠨ᠎ᠡ ᠡᠵᠡᠩᠨᠡᠯᠲᠡ ᠶᠢᠨ ᠦᠢᠯᠡᠰ ᠢ ᠪᠣᠶᠢᠵᠢᠭᠤᠯᠵᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 13 ᠨᠡᠮᠡᠭᠳᠡᠭᠦᠯᠵᠦ᠂ ︽ᠡᠮᠦᠨ᠎ᠡ ᠱᠤᠭᠤᠮ︾  ᠤᠨ ᠵᠤᠭᠠᠴᠠᠯ ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6.1% ᠨᠡᠮᠡᠭᠳᠡᠵᠦ᠂ ᠪᠦᠬᠦ ᠵᠢᠯ ᠳᠤ 136 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 1.26 ᠳ᠋ᠦᠩᠰᠢᠭᠤᠷ ᠲᠥᠭᠦᠷᠢᠭ ᠲᠤ ᠬᠦᠷᠴᠦ᠂ ᠳᠠᠬᠢᠨ ᠢᠶᠠᠷ ᠨᠡᠮᠡᠭᠳᠡᠪᠡ᠃ ᠡᠪᠦᠯ ᠤᠨ ᠤᠯᠠᠷᠢᠯ ᠤᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠤᠯᠠᠷᠢᠯ ᠤᠨ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠵᠦ᠂ ᠮᠥᠰᠥ ᠴᠠᠰᠤᠨ ᠤ ᠰᠣᠶᠣᠯ ᠤᠨ ᠵᠢᠭᠤᠯᠴᠢᠯᠠᠯ᠂ ᠮᠥᠰᠥ ᠴᠠᠰᠤᠨ ᠤ ᠬᠡᠷᠡᠭᠯᠡᠯᠭᠡ ᠶᠢᠨ ᠲᠠᠰᠤᠷᠠᠯᠲᠠ ᠦᠭᠡᠢ ᠲᠠᠰ ᠳᠡᠪᠰᠢᠭᠦᠯᠪᠡ᠃ ᠮᠠᠰᠢᠨ ᠲᠡᠷᠭᠡᠨ ᠤ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠠᠰᠢᠨ ᠲᠡᠷᠭᠡᠨ ᠤ ᠪᠣᠷᠤᠯᠠᠭᠤᠯᠭ᠎ᠠ  21.05 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠳᠠᠬᠢᠨ ᠢᠶᠠᠷ ᠨᠡᠮᠡᠭᠳᠡᠪᠡ᠃ ᠬᠥᠯᠥᠨ ᠪᠤᠶᠢᠷ ᠬᠤᠲᠠ ᠶᠢᠨ ᠵᠢᠯᠣᠭᠤᠴᠢ ᠶᠢᠨ ᠰᠢᠯᠭᠠᠯᠲᠠ ᠶᠢᠨ ᠲᠥᠪ ᠠᠰᠢᠭᠯᠠᠯᠲᠠ ᠳᠤ ᠣᠷᠣᠵᠤ᠂ 8 ᠲᠦᠮᠡᠨ ᠬᠥᠮᠥᠨ ᠤᠳᠠᠭ᠎ᠠ  ᠶᠢᠨ ᠤᠷᠤᠰᠴᠠ ᠳᠤ ᠬᠦᠷᠪᠡ ᠃ ᠡᠸᠡᠩᠬᠢ ᠵᠣᠴᠢᠳ ᠤᠨ ᠪᠠᠭᠤᠳᠠᠯ᠂ ᠯᠢᠦᠢ ᠰᠢᠶᠠᠩ ᠵᠡᠷᠭᠡ 7 ᠠᠵᠤ ᠠᠬᠤᠶᠢᠯᠠᠯ ᠠᠩᠬᠠᠨ ᠤ ᠪᠦᠯᠦᠭ ᠤᠨ ︽ᠥᠪᠥᠷ ᠮᠣᠩᠭᠤᠯ ᠤᠨ ᠦᠨᠦᠷ ᠠᠮᠲᠠ︾  ᠭᠡᠬᠦ ᠢᠷᠠᠭᠤ ᠠᠯᠳᠠᠷ ᠢ ᠬᠦᠷᠲᠡᠪᠡ᠂ ᠸᠠᠨ ᠳ᠋ᠠ ᠠᠭᠤᠳᠠᠮ ᠲᠠᠯᠠᠪᠠᠶ ᠶᠢᠨ ᠰᠢᠨ ᠶᠤᠸᠠᠢ ᠴᠧᠩ ᠵᠡᠭᠡᠯᠢ ᠳᠠᠭᠠᠭᠰᠠᠨ ᠬᠤᠳᠠᠯᠳᠤᠭᠠᠨ ᠤ ᠳᠡᠯᠭᠡᠭᠦᠷ ᠬᠥᠭᠵᠢᠶᠡᠨᠲᠡᠢ ᠪᠣᠷᠣᠯᠠᠭᠤᠯᠤᠭᠳᠠᠵᠤ ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂  ᠴᠠᠬᠢᠮ ᠬᠤᠳᠠᠯᠳᠤᠭ᠎ᠠ ᠵᠡᠷᠭᠡ ᠠᠵᠤ ᠦᠢᠯᠡᠰ ᠲᠦᠷᠭᠡᠨ ᠢᠶᠠᠷ ᠬᠥᠭᠵᠢᠪᠡ᠃       ︵ᠬᠤᠶᠠᠷ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠣᠬᠢᠷᠲᠤᠯ ᠦᠭᠡᠢ ᠶᠢᠨ ᠠᠭᠤᠯᠬᠤᠨ ᠢ ᠤᠯᠠᠮ  ᠭᠦᠨᠵᠡᠭᠡᠶᠢᠷᠡᠭᠦᠯᠪᠡ       ︽ᠬᠤᠶᠠᠷ ᠠᠭᠤᠯᠠ︾ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠵᠠᠰᠠᠬᠤ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠪᠠ ᠬᠠᠮᠠᠭᠠᠯᠠᠭᠰᠠᠨ ᠲᠠᠯ᠎ᠠ ᠪᠠᠷ ᠳᠣᠪᠣᠶᠢᠮ᠎ᠠ ᠠᠮᠵᠢᠯᠲᠠ ᠣᠯᠪᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠤᠶᠠᠳᠤᠭᠠᠷ ᠡᠭᠡᠯᠵᠢ ᠶᠢᠨ 31 ᠬᠤᠪᠢ ᠵᠠᠬᠢᠳᠠᠯ ᠰᠣᠷᠪᠤᠯᠵᠢᠯᠠᠭ᠎ᠠ ᠶᠢᠨ ᠰᠢᠯᠵᠢᠭᠦᠯᠦᠨ ᠰᠢᠢᠳᠪᠦᠷᠢᠯᠡᠭᠦᠯᠬᠦ ᠮᠠᠲ᠋ᠧᠷᠢᠶᠠᠯ ᠪᠦᠬᠦᠨ ᠳᠤ ᠬᠠᠷᠢᠭᠤ ᠥᠭᠴᠦ᠂ ᠣᠯᠠᠨ ᠲᠦᠮᠡᠨ ᠤ ᠶᠠᠷᠦᠩᠬᠡᠢ ᠬᠠᠨᠤᠮᠵᠢ ᠶᠢᠨ ᠨᠣᠷᠮ᠎ᠠ 93.5%  ᠳᠤ ᠬᠦᠷᠪᠡ᠃ ᠡᠯ᠎ᠡ ᠲᠥᠷᠥᠯ ᠤᠨ ᠣᠶ ᠰᠢᠭᠤᠢ ᠶᠢ ᠨᠥᠬᠦᠵᠦ ᠳᠠᠷᠢᠬᠤ ᠶᠢ ᠬᠡᠷᠡᠭᠵᠢᠭᠦᠯᠵᠦ᠂ 4.92 ᠲᠦᠮᠡᠨ ᠮᠦ ᠲᠥᠷᠥᠯ ᠵᠦᠢᠯ ᠢ ᠵᠠᠰᠠᠵᠤ᠂ 19 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠠᠮᠵᠢᠯᠴᠠᠨ ᠪᠡᠶᠡᠯᠡᠭᠦᠯᠪᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠡᠷᠭᠡ ᠠᠮᠢ ᠠᠬᠤᠢ ᠶᠢᠨ ᠪᠣᠯᠪᠠᠰᠤᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 2 ᠵᠢᠵᠢᠭ ᠪᠢᠴᠢᠯ ᠨᠤᠭᠤ ᠭᠠᠵᠠᠷ ᠢ ᠰᠢᠨ᠎ᠡ ᠪᠠᠷ ᠵᠠᠭᠠᠭᠯᠠᠨ ᠲᠣᠭᠲᠠᠭᠠᠵᠤ᠂ ᠬᠠᠤᠯᠢ ᠪᠤᠰᠤ ᠪᠠᠷ ᠬᠠᠭᠠᠯᠪᠤᠷᠢᠯᠠᠬᠤ᠂ ᠳᠤᠷ᠎ᠠ ᠪᠠᠷ ᠢᠶᠠᠨ ᠲᠡᠭᠦᠬᠦ᠂ ᠳᠤᠷ᠎ᠠ ᠪᠠᠷ ᠢᠶᠠᠨ ᠣᠭᠲᠣᠯᠬᠤ᠂ ᠬᠠᠤᠯᠢ ᠪᠤᠰᠤ ᠪᠠᠷ ᠠᠩᠨᠠᠵᠤ ᠱᠦᠭᠦᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ᠂ ᠤᠢ ᠰᠢᠭᠤᠢ᠂ ᠨᠤᠭᠤ ᠭᠠᠵᠠᠷ᠂ ᠤᠰᠤᠨ ᠤ ᠡᠬᠢ ᠪᠠᠶᠠᠯᠢᠭ ᠵᠡᠷᠭᠡ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠪᠠ᠃ ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠥᠯᠥᠨ ᠪᠤᠶᠢᠷ  ᠤᠨ ᠣᠶ ᠰᠢᠭᠤᠢ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠢ ᠰᠢᠨᠵᠢᠯᠡᠬᠦ ᠣᠬᠠᠭᠠᠨᠴᠢ ᠪᠠᠷ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠪᠣᠯᠭᠠᠵᠤ᠂ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠲᠤᠤᠷ ᠲᠤ ᠣᠷᠣᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠤᠲᠤᠭ ᠪᠡᠯᠴᠢᠭᠡᠷ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 59.5%᠂ ᠤᠢ ᠰᠢᠭᠤᠢ ᠶᠢᠨ ᠪᠦᠷᠬᠦᠴᠡ 33.1%᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 98.6% ᠳᠤ ᠬᠦᠷᠪᠡ᠃ ᠪᠠᠶᠠᠨᠲᠠᠯ᠎ᠠ ᠰᠢᠶᠠᠩ ᠤᠨ ᠮᠠᠯᠵᠢᠬᠤ ᠣᠷᠣᠨ ᠤ ᠪᠣᠬᠢᠷ ᠤᠰᠤᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 11 ᠬᠠᠶᠠᠭᠳᠠᠮᠠᠯ ᠠᠭᠤᠷᠬᠠᠢ ᠶᠢᠨ ᠣᠷᠣᠮ ᠢ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ ᠣᠶ ᠰᠢᠭᠤᠢ ᠪᠠᠷ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠥᠷᠲᠡᠭ ᠤᠨ ᠦᠢᠯᠡᠳᠦᠯᠭᠡ ᠶᠢᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠠᠮᠢ ᠠᠬᠤᠢ ᠶᠢᠨ ᠬᠠᠤᠯᠢ ᠴᠠᠭᠠᠵᠠ + ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠠᠮᠢ ᠠᠬᠤᠢ ᠶᠢ ᠰᠡᠷᠭᠦᠭᠡᠬᠦ᠂ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠵᠢᠯ ᠢ ᠲᠦᠯᠬᠢᠨ ᠠᠬᠢᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠪᠡ᠃       ︵ᠭᠤᠷᠪᠠ︶  ᠵᠥᠪ ᠢ ᠪᠠᠷᠢᠮᠲᠠᠯᠠᠨ ᠰᠢᠨ᠎ᠡ ᠶᠢ ᠡᠭᠦᠳᠴᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠪᠠ       ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠦᠴᠦᠲᠡᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠬᠤᠰᠢᠭᠤᠨ ᠤ ᠬᠠᠷᠢᠶᠠᠳᠣ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠣᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠦᠷ᠎ᠡ ᠪᠦᠲᠦᠮᠵᠢ ᠳᠣᠪᠣᠶᠢᠮ᠎ᠠ ᠪᠣᠯᠪᠠ᠃ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 1822 ᠡᠷᠦᠬᠡ ᠰᠢᠨ᠎ᠡ ᠪᠠᠷ ᠨᠡᠮᠡᠭᠳᠡᠭᠦᠯᠵᠦ᠂ 3.52% ᠢᠶᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠢᠳᠪᠦᠷᠢᠯᠡᠬᠦ ᠭᠠᠷᠳᠠᠮ ᠢ 158 ᠵᠦᠢᠯ ᠴᠦᠭᠡᠯᠡᠨ ᠪᠠᠭᠠᠰᠬᠠᠵᠤ᠂ ᠠᠵᠢᠯ ᠬᠢᠳᠡᠯ ᠤᠨ ᠮᠠᠲ᠋ᠧᠷᠢᠶᠠᠯ ᠢ 365 ᠬᠤᠪᠢ ᠴᠣᠮᠬᠠᠳᠬᠠᠵᠤ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠬᠠᠷᠢᠴᠠᠯ 99.05% ᠳᠤ ᠬᠦᠷᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠨᠡᠩ ᠳᠥᠭᠦᠮ  ᠠᠮᠠᠷᠬᠠᠨ ᠪᠣᠯᠪᠠ᠃ ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢ ᠳᠠᠩᠰᠠᠯᠠᠬᠤ᠂ ᠳᠠᠨᠵᠢᠯᠠᠵᠤ ᠡᠷᠦᠬᠡ ᠰᠢᠯᠵᠢᠭᠦᠯᠬᠦ᠂  ᠵᠢᠷᠤᠭ ᠢᠶᠠᠷ ᠣᠷᠣᠨ ᠰᠠᠭᠤᠴᠠ ᠶᠢ ᠪᠠᠶᠢᠴᠠᠭᠠᠬᠤ ᠵᠡᠷᠭᠡ ᠬᠤᠰᠢᠭᠤᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠬᠤᠲᠠ ᠶᠢᠨ ᠣᠯᠠᠨ ᠵᠦᠢᠯ ᠤᠨ ︽ᠠᠩᠬᠠᠨ ᠤ ᠵᠢᠱᠢᠶ᠎ᠡ︾ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ  ᠶᠠᠪᠤᠴᠠ ᠶᠢ  ᠰᠢᠯᠢᠳᠡᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠤᠯᠲᠠ ᠶᠢ ᠮᠤᠵᠢ ᠠᠯᠤᠰᠯᠠᠨ ᠲᠧᠨ᠋ᠳᠧᠷ ᠵᠥᠪᠯᠡᠯᠳᠦᠭᠦᠯᠦᠨ ᠪᠡᠶᠡᠯᠡᠭᠦᠯᠪᠡ᠃ ᠭᠠᠳᠠᠭᠠᠳᠤ ᠨᠡᠭᠡᠭᠡᠯᠲᠡ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ ᠂ ᠳᠠᠶᠢᠵᠸᠦ ᠬᠤᠲᠠ ᠶᠢᠨ ᠵᠢᠶᠠᠩ ᠶᠠᠨ ᠲᠣᠭᠤᠷᠢᠭ ᠯᠤᠭ᠎ᠠ ᠨᠥᠬᠦᠷᠰᠡᠭ ᠬᠤᠲᠠ ᠲᠣᠭᠤᠷᠢᠭ ᠪᠣᠯᠣᠯᠴᠠᠵᠤ᠂ ᠯᠢ ᠰᠢᠩ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠺᠣᠮᠫᠠᠨᠢ 1650 ᠲᠦᠮᠡᠨ ᠲᠥᠭᠦᠷᠢᠭ ᠤᠨ ᠭᠠᠳᠠᠭᠠᠳᠤ ᠪᠡᠯᠡ ᠶᠢ ᠳᠠᠩᠰᠠᠯᠠᠭᠤᠯᠵᠤ᠂ ︽ᠬᠤᠶᠠᠳᠤᠭᠠᠷ ᠬᠤᠭᠤᠴᠠᠭᠠᠨ ᠤ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠳᠠᠭᠤᠤ ᠬᠥᠭᠵᠢᠮ ᠤᠷᠠᠯᠢᠭ ᠤᠨ ᠪᠠᠭᠳᠣ ᠨᠠᠭᠠᠳᠣᠮ ᠤᠨ ᠥᠪᠥᠷ ᠮᠣᠩᠭᠤᠯ ᠳᠠᠬᠢ ᠠᠵᠢᠯᠯᠠᠭᠠᠨ︾  ᠢ ᠠᠮᠵᠢᠯᠲᠠ ᠲᠠᠢ ᠡᠷᠬᠢᠯᠡᠵᠦ᠂ ︽ᠲᠦᠮᠡᠨ ᠭᠠᠵᠠᠷ ᠤᠨ ᠴᠠᠢ ᠶᠢᠨ ᠵᠠᠮ ᠢ ᠬᠠᠶᠢᠵᠣ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠭ᠋ᠠᠳᠣᠬᠤ︾ ᠳᠤᠮᠳᠠᠳᠤ ᠤᠷᠤᠰ ᠤᠨ ᠵᠠᠯᠠᠭᠤᠴᠤᠳ ᠪᠠᠭᠠᠴᠤᠳ ᠤᠨ ᠰᠣᠳᠣᠯᠣᠯ ᠰᠣᠷᠣᠯᠴᠠᠯᠭ᠎ᠠ ᠶᠢ ᠡᠸᠡᠩᠬᠢ ᠳᠤ ᠥᠷᠨᠢᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠵᠤ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠬᠤ ᠬᠤᠸᠠ ᠽᠧ ᠺᠣᠮᠫᠠᠨᠢ ᠶᠢᠨ ᠲᠣᠮᠣ ᠬᠡᠯᠪᠡᠷᠢ ᠶᠢᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠬᠠᠮᠲᠣᠷᠠᠯᠴᠠᠬᠤ ᠰᠠᠨᠠᠭᠠᠷᠬᠠᠯ ᠲᠠᠢ ᠪᠣᠯᠪᠠ᠂ ᠬᠠᠩᠵᠧᠦ  ᠶᠢᠨ ᠬᠤᠳᠠᠯᠳᠤᠭᠠᠴᠢᠳ ᠤᠨ ᠡᠪᠯᠡᠯ ᠲᠠᠢ ᠬᠠᠮᠳᠣᠷᠠᠵᠤ ᠬᠤᠶ ᠭᠤᠣᠯ ᠦᠬᠡᠷ ᠬᠤᠨᠢᠨ ᠮᠢᠬᠠᠨ ᠤ ᠨᠠᠷᠠᠲᠤ ᠲᠡᠮᠳᠡᠭᠲᠦ ᠶᠢ ᠭᠠᠳᠠᠭᠰᠢ ᠪᠠᠨ  ᠰᠣᠷᠲᠠᠯᠴᠢᠯᠠᠨ ᠪᠤᠷᠣᠯᠠᠭᠤᠯᠬᠤ ᠳᠤ ᠬᠦᠴᠦᠨ ᠨᠡᠮᠡᠷᠢᠯᠡᠪᠡ᠃       ︵ᠳᠥᠷᠪᠡ︶ ᠵᠣᠬᠢᠴᠠᠩᠭᠤᠢ ᠪᠠᠷ ᠬᠥᠭᠵᠢᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠨᠡᠩ ᠦᠩᠭᠡᠯᠢᠭ ᠪᠣᠯᠪᠠ       ᠬᠤᠳᠠ ᠶᠢ ᠳᠠᠭᠠᠷᠢᠵᠤ ᠴᠠᠶᠢᠵᠠ ᠶᠢ ᠡᠵᠡᠯᠡᠬᠦ ᠵᠣᠷᠢᠭ ᠢᠶᠠᠷ ᠤᠭᠤᠨᠤ ᠶᠢᠨ ᠭᠤᠣᠯ ᠵᠠᠮ ᠤᠨ 176 ᠡᠷᠦᠬᠡ ᠶᠢ ᠨᠡᠭᠦᠯᠭᠡᠬᠦ ᠪᠡᠷᠬᠡᠰᠢᠶᠡᠯ ᠲᠠᠢ ᠡᠭᠦᠷᠭᠡ ᠶᠢ ᠪᠡᠶᠡᠯᠡᠭᠦᠯᠵᠦ᠂ 3436 ᠲᠦᠮᠡᠨ ᠲᠥᠭᠦᠷᠢᠭ ᠤᠨ ᠪᠡᠯᠡ ᠣᠷᠣᠭᠤᠯᠵᠤ ᠤᠭᠤᠨᠤ ᠶᠢᠨ ᠭᠤᠣᠯ ᠵᠠᠮ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠬᠠᠶᠢᠯᠠᠷ ᠲᠣᠭᠤᠷᠢᠭ ᠤᠨ ᠵᠢᠶᠠᠨ ᠬᠤᠸᠠ ᠵᠠᠮ ᠲᠠᠢ ᠠᠮᠵᠢᠯᠲᠠ ᠲᠠᠢ ᠪᠠᠷ ︽ᠭᠠᠷ ᠠᠳᠬᠤᠵᠤ︾᠂ ᠭᠤᠣᠯ ᠬᠤᠳᠠ ᠲᠣᠭᠤᠷᠢᠭ ᠤᠨ ᠵᠠᠮ ᠬᠠᠷᠢᠯᠴᠠᠭᠠᠨ ᠤ ︽ᠭᠤᠣᠯ ᠰᠤᠳᠠᠰᠤ︾  ᠶᠢ ᠰᠠᠭᠠᠳ ᠦᠭᠡᠢ ᠨᠡᠪᠲᠡᠷᠡᠭᠦᠯᠪᠡ᠃  ᠬᠦᠸᠧ ᠰᠢᠩ ᠵᠡᠭᠡᠯᠢ᠂ ᠬᠠᠶᠢᠯᠠᠨᠴᠠ ᠵᠠᠮ ᠂ ᠰᠢᠨ᠎ᠡ ᠲᠣᠭᠤᠷᠢᠭ ᠤᠨ ᠲᠦᠯᠦᠪᠵᠢᠭᠦᠯᠭᠡ ᠶᠢᠨ ᠲᠦᠷᠪᠡᠨ ᠵᠠᠮ ᠵᠢᠴᠢ ᠲᠦᠯᠦᠪᠵᠢᠭᠦᠯᠭᠡ ᠶᠢᠨ ᠲᠠᠪᠤᠳᠤᠭᠠᠷ ᠵᠡᠭᠡᠯᠢ ᠶᠢᠨ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠭᠦᠯᠵᠦ᠂ ᠤᠯᠠᠨ ᠵᠢᠯ ᠤᠨ ᠲᠣᠷᠰᠢ ᠤᠯᠠᠨ ᠲᠦᠮᠡᠨ ᠤ ᠶᠠᠪᠤᠵᠤ ᠰᠠᠭᠤᠬᠤ ᠰᠠᠭᠠᠳ ︽ᠲᠦᠭᠵᠢᠷᠡᠯ︾  ᠢ ᠨᠡᠪᠲᠡᠷᠡᠭᠦᠯᠪᠡ᠃ ᠯᠠᠨ ᠶᠤᠸᠠᠢ ᠰᠠᠭᠤᠭᠠᠯᠢ ᠲᠣᠭᠤᠷᠢᠭ᠂ ᠵᠦᠸᠧ ᠳ᠋ᠠ ᠬᠤᠳᠠ ᠶᠢᠨ ᠴᠡᠴᠡᠷᠯᠢᠭ᠂ ᠴᠢᠨᠳᠠ ᠰᠢᠨ᠎ᠡ ᠬᠤᠳᠠ ᠤᠯᠠᠨ ᠤᠯᠤᠰ ᠤᠨ ᠲᠠᠯᠠᠪᠠᠢ ᠵᠡᠷᠭᠡ ᠣᠷᠣᠨ ᠰᠠᠭᠤᠴᠠ ᠶᠢ ᠠᠰᠢᠭᠯᠠᠯᠲᠠ ᠳᠤ ᠤᠷᠣᠭᠤᠯᠵᠣ᠂ ᠤᠯᠠᠨ ᠲᠦᠮᠡᠨ ᠤ ᠰᠢᠨ᠎ᠡ ᠣᠷᠣᠨ ᠰᠠᠭᠤᠴᠠ ᠲᠠᠢ ᠪᠣᠯᠬᠤ ᠳᠤ ᠳᠣᠬᠢᠯᠢᠭ ᠰᠣᠩᠭᠤᠯᠲᠠ‌ᠬᠠᠩᠭᠠᠪᠠ᠃ ᠤᠯᠠᠨ ᠲᠦᠮᠡᠨ ᠤ 《ᠪᠠᠴᠢᠮ ᠬᠦᠴᠢᠷ ᠵᠤᠪᠠᠨᠢᠯ ᠡᠷᠡᠮᠡᠯᠵᠡᠯ 》 ᠤᠨ ᠲᠣᠭᠤᠷᠢᠨ ᠳᠤ᠂ ᠵᠡᠭᠡᠯᠢ ᠭᠤᠳᠤᠮᠵᠢ᠂ ᠴᠡᠴᠡᠷᠯᠢᠭ ᠢ ᠨᠣᠭᠤᠭᠠᠷᠠᠭᠤᠯᠵᠤ ᠭᠤᠶᠣᠵᠢᠭᠤᠯᠬᠤ ᠭᠡᠷᠡᠯᠲᠦᠭᠦᠯᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠠᠮ ᠡᠵᠡᠯᠡᠨ ᠡᠵᠡᠩᠨᠡᠬᠦ ᠪᠠᠷᠠᠭᠠᠨ ᠤ ᠳᠡᠯᠭᠡᠯᠲᠡ ᠶᠢ ᠦᠷᠭᠦᠯᠵᠢᠯᠡᠨ ᠴᠡᠪᠡᠷᠯᠡᠨ᠂ ︽ᠬᠤᠳᠠ ᠶᠢᠨ ᠠᠷᠬᠠᠭ ᠭᠡᠮ︾  ᠢ ᠵᠠᠰᠠᠪᠠ᠃ ᠭᠤᠣᠯ ᠳᠠᠭᠠᠤ ᠶᠢᠨ ᠦᠵᠡᠮᠵᠢ ᠶᠢᠨ ᠪᠦᠰᠡ ᠶᠢᠨ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ ᠲᠥᠷᠥᠯ ᠵᠦᠢᠯ᠂  ᠭᠤᠣᠯ ᠤᠨ ᠪᠠᠷᠠᠭᠤᠨ ᠰᠢᠨ᠎ᠡ ᠲᠣᠭᠤᠷᠢᠭ ᠤᠨ ᠬᠤᠲᠠ ᠶᠢᠨ ᠠᠷᠠᠳ ᠤᠨ ᠠᠭᠤᠳᠠᠮ ᠲᠠᠯᠠᠪᠠᠶ ᠶᠢ ᠰᠡᠯᠪᠢᠨ ᠵᠠᠰᠠᠬᠤ ᠢᠨᠵᠧᠨᠧᠷᠢᠩ ᠵᠡᠷᠭᠡ ᠠᠷᠠᠳ ᠤᠨ ᠠᠮᠢᠳᠤᠷᠠᠯ ᠤᠨ 4 ᠪᠤᠳᠠᠳᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠪᠡᠶᠡᠯᠡᠭᠦᠯᠵᠦ᠂  ᠠᠮᠠᠯᠠᠭᠰᠠᠨ ᠳᠠᠭᠠᠨ ᠬᠦᠷᠪᠡ᠃ ᠪᠠᠶᠠᠨᠲᠤᠬᠠᠢ ᠮᠠᠰᠢᠨ ᠲᠡᠷᠭᠡᠨ ᠤ ᠦᠷᠳᠡᠭᠡ ᠶᠢ ᠰᠢᠨ᠎ᠡ ᠪᠠᠶᠢᠷᠢᠯᠠᠯ ᠳᠤ ᠨᠢ ᠨᠡᠭᠦᠯᠭᠡᠵᠦ᠂ ᠣᠶᠤᠨᠲᠤ ᠨᠡᠶᠢᠲᠡ ᠶᠢᠨ ᠮᠠᠰᠢᠨ ᠤ ᠦᠷᠳᠡᠭᠡ ᠶᠢ 42 ᠰᠢᠨ᠎ᠡ ᠪᠠᠷ ᠪᠠᠶᠢᠭᠤᠯᠵᠤ᠂  ᠥᠷᠭᠡᠨ ᠤᠯᠠᠨ ᠲᠦᠮᠡᠨ ᠶᠠᠪᠤᠵᠤ ᠰᠠᠭᠤᠬᠤ ᠳᠤ ᠨᠡᠩ ᠲᠦᠭᠦᠮ ᠪᠣᠯᠪᠠ᠃  ᠰᠠᠶᠢᠬᠠᠨ ᠨᠡᠶᠢᠭᠡᠮ ᠲᠣᠭᠤᠷᠢᠭ ᠪᠠ ᠳᠦᠭᠦᠷᠡᠩ ᠨᠡᠶᠢᠭᠡᠮ ᠲᠣᠭᠤᠷᠢᠭ ᠪᠦᠬᠦ ᠤᠯᠤᠰ ᠤᠨ ᠭᠤᠷᠪᠠᠳᠤᠭᠠᠷ ᠡᠭᠡᠯᠵᠢ ᠶᠢᠨ ᠬᠤᠳᠠ ᠶᠢᠨ ᠨᠢᠭᠡ ᠮᠥᠴᠡ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ  ᠢᠶᠠᠷ ᠠᠮᠵᠢᠯᠲᠠ ᠲᠠᠢ ᠪᠠᠷ ᠰᠣᠩᠭᠤᠭᠳᠠᠪᠠ᠃ ᠲᠣᠸᠠᠨ ᠵᠢᠶᠧ ᠭᠠᠴᠠᠭ᠎ᠠ ᠶᠢ ᠥᠪᠥᠷ ᠮᠣᠩᠭᠤᠯ ᠤᠨ ᠴᠣᠷ ᠤᠨ ᠭᠠᠭᠴᠠ ᠪᠥᠬᠦ ᠤᠯᠤᠰ ᠤᠨ ᠲᠣᠰᠬᠤᠨ ᠤ ᠲᠥᠯᠦᠪᠵᠢᠭᠦᠯᠭᠡ ᠳᠤ ᠰᠣᠩᠭᠤᠭᠳᠠᠭᠰᠠᠨ ᠰᠢᠯᠢᠳᠡᠭ ᠵᠢᠱᠢᠶ᠎ᠡ ᠪᠣᠯᠭᠠᠪᠠ᠃ ᠬᠥᠳᠡᠭᠡ ᠲᠣᠰᠬᠤᠨ ᠤ ᠢᠯᠴᠢ ᠬᠠᠩᠭᠠᠬᠤ ᠤᠰᠤ ᠬᠠᠩᠭᠠᠬᠤ ᠬᠤᠭᠤᠯᠠᠢ ᠶᠢᠨ ᠲᠣᠣᠷ ᠢ ᠬᠥᠭᠵᠢᠭᠦᠯᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠣᠷᠣᠨ ᠤ ᠢᠯᠴᠢ  ᠶᠢᠨ ᠬᠠᠩᠭᠠᠯᠭ᠎ᠠ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ 5 ᠵᠢᠯ ᠤᠨ ᠲᠣᠷᠰᠢ ᠵᠤᠭᠰᠣᠩᠬᠢ ᠪᠠᠶᠢᠳᠠᠯ ᠳᠤ ᠪᠠᠶᠢᠭᠰᠠᠨ ᠪᠠᠶᠠᠨᠴᠠᠭᠠᠨ — ᠦ᠋ ᠴᠢᠤᠸᠠᠨ ᠱᠠᠨ ︱ ᠳ᠋ᠠ ᠶᠠᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠵᠤ ᠲᠡᠷᠭᠡ  ᠨᠡᠪᠲᠡᠷᠡᠭᠦᠯᠪᠡ᠂ 3616 ᠵᠠᠰᠠᠮᠠᠯ ᠵᠠᠮ᠂ ᠢᠮᠢᠨ ᠰᠤᠮᠤ ᠶᠢᠨ ᠲᠥᠪ ᠬᠥᠭᠦᠷᠭᠡ᠂ ᠰᠢᠨᠡᠭᠡᠨ‌ᠵᠡᠭᠦᠨ ᠰᠤᠮᠤ ᠶᠢᠨ ᠬᠡᠷᠡᠭ ᠡᠷᠬᠢᠯᠡᠬᠦ ᠭᠠᠵᠠᠷ ᠠᠴᠠ ᠬᠠᠷᠠᠲᠣᠬᠤᠢ ᠭᠠᠴᠠᠭ᠎ᠠ ᠬᠦᠷᠬᠦ ᠵᠡᠷᠭᠡ ᠤᠯᠠᠨ ᠵᠤᠷᠪᠤᠰ ᠰᠢᠶᠠᠩ ᠤᠨ ᠵᠠᠮ ᠤᠷᠤᠭᠰᠢᠲᠠᠢ ᠨᠡᠪᠲᠡᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽  ᠬᠤᠷᠳᠣ ᠶᠢᠨ ᠵᠠᠮ︾ ᠪᠣᠯᠣᠨ ᠤᠯᠠᠨ ᠲᠦᠮᠡᠨ ᠤ ᠰᠡᠳᠬᠢᠯ ᠳᠤ ᠬᠦᠷᠬᠦ ︽ᠵᠣᠯ ᠵᠢᠷᠭᠠᠯᠲᠤ ᠵᠠᠮ︾ ᠢ ᠥᠷᠭᠡᠳᠬᠡᠪᠡ᠃  ᠬᠤᠩᠭᠤᠯᠵᠢ ᠶᠢᠨ ᠪᠣᠬᠢᠷ ᠤᠰᠤ᠂ ᠤᠰᠤ ᠬᠠᠩᠭᠠᠯᠭ᠎ᠠ ᠵᠢᠴᠢ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ  ᠪᠠ ᠳ᠋ᠠ ᠶᠠᠨ ᠤ ᠬᠤᠭ ᠨᠣᠪᠰᠢ ᠶᠢᠨ ᠲᠠᠯᠠᠪᠠᠢ ᠶᠢᠨ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠦᠨ ᠪᠦᠲᠦᠭᠡᠨ ᠪᠠᠶᠢᠭᠤᠯᠪᠠ᠃ 4900 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 30 ᠲᠥᠷᠥᠯ ᠵᠦᠢᠯ ᠢ ᠬᠡᠷᠡᠭᠵᠢᠭᠦᠯᠦᠨ᠂ ᠮᠠᠯᠵᠢᠬᠤ ᠣᠷᠣᠨ ᠤ ᠬᠦᠭᠵᠢᠯᠲᠡ ᠶᠢᠨ ᠳᠤᠲᠠᠭᠤᠳᠠᠯ ᠢ ᠪᠦᠲᠦᠮᠵᠢᠲᠡᠶ ᠨᠥᠬᠦᠪᠦᠷᠢᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠪᠠ᠃ ᠬᠤᠢ ᠰᠤᠮᠤ ᠶᠢᠨ ᠬᠤᠷᠠᠭᠠᠨ ᠠᠮᠤᠵᠢ ᠨᠡᠶᠢᠭᠡᠮ ᠲᠣᠭᠤᠷᠢᠭ᠂ ᠪᠠᠶᠠᠨᠲᠤᠬᠠᠢ ᠪᠠᠯᠭᠠᠰᠤ ᠶᠢᠨ ᠪᠦᠯᠬᠦᠮᠳᠡᠯ ᠭᠠᠴᠠᠭ᠎ᠠ ᠶᠢᠨ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠳᠠᠭᠤᠰᠬᠠᠵᠤ᠂ ᠮᠠᠯᠵᠢᠬᠤ ᠣᠷᠣᠨ ᠤ ᠢᠳᠡᠬᠦ ᠣᠰᠣᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ 370 ᠡᠷᠤᠭᠡ ᠶᠢᠨ ᠵᠣᠷᠯᠣᠩ ᠢ  ᠥᠭᠡᠷᠡᠴᠢᠯᠡᠨ ᠵᠠᠰᠠᠬᠤ ᠶᠢ  ᠪᠡᠶᠡᠯᠡᠭᠦᠯᠪᠡ᠃       ︵ᠲᠠᠪᠤ︶  ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠡᠰᠢᠭ ᠬᠦᠷᠲᠡᠭᠡᠯ ᠢ ᠦᠷᠭᠦᠯᠵᠢᠯᠡᠨ ᠨᠡᠮᠡᠭᠳᠡᠭᠦᠯᠪᠡ       ᠨᠡᠶᠢᠭᠡᠮ ᠤᠨ ᠪᠠᠲᠤᠯᠠᠭ᠎ᠠ ᠶᠢᠨ ᠦᠢᠯᠡᠰ ᠴᠢᠨᠠᠷ ᠰᠠᠶᠢᠲᠠᠢ ᠬᠥᠭᠵᠢᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠶᠢᠲᠡ 19.85 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.91% ᠪᠠᠷ ᠨᠡᠮᠡᠭᠳᠡᠪᠡ᠃ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠨᠥᠬᠦᠪᠦᠷᠢ ᠶᠢᠨ ᠪᠡᠯᠡ ᠮᠥᠩᠭᠦ ᠶᠢ ᠲᠤᠭ᠎ᠠ ᠶᠣᠰᠣᠭᠠᠷ ᠭᠦᠢᠴᠡᠳ ᠲᠠᠷᠬᠠᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠠᠳᠠᠯᠢ ᠬᠤᠭᠤᠴᠠᠭᠠᠨ ᠤ ᠬᠢ ᠠᠴᠠ 5.2% ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠳᠣᠲᠣᠷ᠎ᠠ ᠡᠷᠭᠡᠰᠢᠶᠡᠪᠡ᠃ ᠰᠤᠷᠭᠠᠨ ᠬᠥᠮᠦᠵᠢᠯ ᠤᠨ ᠦᠢᠯᠡᠰ ᠪᠥᠬᠦ ᠲᠠᠯ᠎ᠠ ᠪᠠᠷ ᠬᠥᠭᠵᠢᠵᠦ᠂ ᠳ᠋ᠠ ᠶᠠᠨ ᠪᠠᠯᠭᠠᠰᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠪᠠᠶᠢᠭᠤᠯᠤᠨ ᠲᠡᠭᠦᠯᠳᠡᠷᠵᠢᠭᠦᠯᠵᠦ᠂ ᠢᠮᠢᠨ ᠰᠤᠮᠤ ᠶᠢᠨ ᠲᠦᠪ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠡᠮᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠸᠠᠩᠳᠦ᠋ᠩ ᠮᠤᠵᠢ ᠶᠢᠨ ᠬᠢᠲᠠᠳ ᠡᠮᠨᠡᠯᠭᠡ ᠶᠢᠨ ᠬᠤᠷᠢᠶ᠎ᠠ ᠲᠠᠢ ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠤᠯᠪᠣᠭ᠎ᠠ ᠪᠠᠶᠢᠭᠤᠯᠵᠤ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷ ᠠᠪᠤᠯᠭ᠎ᠠ ᠶᠢ ᠳᠡᠯᠭᠡᠷᠡᠭᠦᠯᠬᠦ ᠰᠠᠭᠤᠷᠢᠨ ᠭᠠᠵᠠᠷ ᠢ ᠮᠠᠨ ᠤ ᠬᠤᠰᠢᠭᠤᠨ ᠳᠤ  ᠰᠠᠭᠤᠷᠢᠰᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠪᠠᠶᠠᠨᠲᠤᠬᠠᠢ ᠪᠠᠯᠭᠠᠰᠤ ᠶᠢ ᠰᠢᠨ᠎ᠡ ᠪᠠᠷ 10 ᠨᠡᠶᠢᠭᠡᠮ ᠲᠣᠭᠤᠷᠢᠭ ᠪᠣᠯᠭᠠᠨ ᠬᠤᠪᠢᠶᠠᠵᠤ᠂ ᠰᠢᠨ᠎ᠡ ᠬᠤᠳᠠ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠦᠷᠦᠯ ᠵᠦᠢᠯ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠬᠥᠯᠥᠨ ᠪᠤᠶᠢᠷ ᠬᠤᠳᠠ ᠶᠢᠨ ᠲᠠᠯᠠᠪᠠᠢ ᠪᠠᠷ ᠬᠠᠮᠤᠭ ᠤᠨ ᠶᠡᠭᠡ᠂ ᠴᠢᠳᠠᠮᠵᠢ ᠪᠠᠷ ᠬᠠᠮᠤᠭ ᠤᠨ ᠪᠦᠷᠢᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠵᠤ᠂ ᠤᠯᠠᠨ ᠲᠦᠮᠡᠨ ᠳᠤ ᠴᠢᠨᠠᠷ ᠰᠠᠶᠢᠲᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠪᠠ᠃ ᠭᠡᠷ ᠪᠦᠯᠢ ᠮᠠᠶ᠋ᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠢ  ᠨᠡᠶᠢᠲᠡ11 ᠪᠦᠲᠦᠭᠡᠨ ᠪᠠᠶᠢᠭᠤᠯᠵᠤ᠂ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢᠨ ᠬᠠᠮᠤᠷᠬᠤ ᠬᠡᠪᠴᠢᠶ᠎ᠡ ᠶᠢ 90% ᠳᠤ ᠬᠦᠷᠦᠭᠦᠯᠪᠡ᠃ ᠰᠣᠶᠣᠯ ᠲᠠᠮᠢᠷ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠮᠠᠨ ᠤ ᠬᠤᠰᠢᠭᠤ  ᠪᠥᠬᠦ ᠤᠯᠤᠰ ᠤᠨ ᠳᠥᠷᠪᠡᠨ ᠤᠯᠠᠷᠢᠯᠲᠣ ︽ᠲᠣᠰᠬᠤᠨ ᠤ ᠦᠳᠡᠰᠢ︾ ᠵᠢᠱᠢᠶ᠎ᠡ ᠦᠵᠡᠭᠦᠯᠬᠦ ᠴᠡᠭ ᠢᠶᠠᠷ ᠠᠮᠵᠢᠯᠲᠠ ᠲᠠᠢ ᠪᠠᠷ ᠰᠣᠩᠭᠤᠭᠳᠠᠵᠤ᠂ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠴᠣᠭᠴᠠᠯᠠᠬᠤ ᠬᠦᠷᠢᠶᠡᠯᠡᠩ ᠪᠥᠬᠦ ᠤᠯᠤᠰ ‍ᠤᠨ‌ᠠᠩᠬᠠᠨ ᠤ ᠡᠭᠡᠯᠵᠢ ᠶᠢᠨ ︽ᠨᠢᠭᠡ ᠰᠢᠶᠠᠨ ᠨᠢᠭᠡ ᠠᠵᠤ ᠥᠢᠯᠡᠳᠪᠦᠷᠢ︾ ᠤᠨ ᠣᠨᠴᠠᠯᠢᠭᠲᠤ ᠰᠣᠶᠣᠯ ᠤᠷᠠᠯᠢᠭ ᠤᠨ ᠨᠡᠶᠢᠲᠡᠯᠢᠭ ᠵᠢᠱᠢᠶ᠎ᠡ  ᠪᠠᠷ ᠰᠣᠩᠭᠤᠭᠳᠠᠨ᠂  ᠰᠢᠨᠡᠬᠡᠨ ᠵᠡᠭᠦᠨ ᠰᠤᠮᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠪᠠᠷ ᠰᠣᠩᠭᠤᠭᠳᠠᠨ᠂ ︽ᠰᠢᠨᠡᠭᠡᠨ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠪᠥᠬᠦ ᠤᠯᠤᠰ ᠤᠨ ᠣᠯᠠᠨ ᠲᠦᠮᠡᠨ ᠤ ︽ᠭᠤᠷᠪᠠᠨ ᠲᠣᠮᠣ ᠪᠥᠮᠪᠦᠭᠡ︾ ᠰᠣᠳᠣᠨ ᠤᠷᠤᠯᠳᠤᠭᠠᠨ ᠤ ᠵᠢᠱᠢᠶ᠎ᠡ ᠪᠠᠷ ᠰᠣᠩᠭᠤᠭᠳᠠᠨ ᠣᠷᠣᠪᠠ᠃       ︵ᠵᠢᠷᠭᠤᠭ᠎ᠠ︶  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢ ᠪᠠᠷᠢᠮᠲᠠᠯᠠᠪᠠ       ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠠᠳᠬᠤᠵᠤ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠲᠣᠭᠤᠷᠢᠨ ᠦᠵᠡᠵᠦ ᠴᠠᠭᠳᠠᠨ ᠪᠠᠶᠢᠴᠠᠭᠠᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂  ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾ ᠶᠢ ᠪᠡᠶᠡᠯᠡᠭᠦᠯᠪᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠪᠡ᠃ ᠠᠮᠢᠳᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠢ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠣᠷᠢᠵᠢᠭᠤᠯᠤᠭᠰᠠᠨ ᠠᠴᠠ ᠪᠦᠬᠦ ᠵᠢᠯ ᠳᠤ ᠬᠦᠨᠳᠦ ᠨᠤᠴᠢᠲᠠᠢ ᠬᠢᠵᠢᠭ ᠡᠭᠦᠰᠦᠭᠰᠡᠨ ᠦᠭᠡᠢ᠃ ᠴᠠᠯᠢᠩ ᠥᠷᠢᠲᠦᠯ ᠤᠨ ᠪᠠᠶᠢᠳᠠᠯ ᠢ ᠦᠨᠳᠦᠰᠦᠨ ᠠᠴᠠ ᠨᠢ ᠵᠠᠰᠠᠬᠤ ᠶᠢ ᠥᠷᠬᠦᠯᠵᠢᠯᠡᠨ ᠰᠠᠶᠢᠲᠤᠷ ᠬᠢᠪᠡ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠬᠡᠷᠡᠭᠵᠢᠭᠦᠯᠦᠨ᠂ ᠨᠢᠭᠡ ᠪᠦᠯᠦᠭ ᠤᠯᠠᠨ ᠲᠦᠮᠡᠨ ᠤ ᠪᠠᠴᠢᠮ ᠪᠡᠷᠬᠡ ᠵᠣᠪᠠᠨᠢᠯ ᠡᠷᠡᠮᠡᠯᠵᠡᠯ ᠲᠠᠢ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ 12345 ᠬᠠᠯᠠᠭᠤᠨ ᠣᠲᠠᠰᠣᠳᠣ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠨᠡᠶᠢᠳᠡ 5327 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 99.88% ᠳᠤ ᠬᠦᠷᠪᠡ᠃ ᠰᠢᠨ᠎ᠡ ᠴᠠᠭ ᠦᠶ᠎ᠡ ᠶᠢᠨ ︽ᠹᠧᠩᠴᠢᠶᠤᠤ  ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ 339 ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠰᠢᠢᠳᠪᠦᠷᠢᠯᠡᠭᠰᠡᠨ ᠨᠣᠷᠮ᠎ᠠ ᠨᠢ 99.7% ᠳᠤ ᠬᠥᠷᠪᠡ᠃ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠢᠮᠠᠨ ᠵᠦᠢᠯ ᠤᠨ ᠬᠦᠨᠳᠦ ᠨᠣᠴᠢᠲᠠᠢ ᠬᠦᠴᠦᠷᠬᠡᠭᠯᠡᠯ ᠤᠨ ᠬᠡᠷᠡᠭ ᠢ ᠴᠦᠮ ᠲᠠᠩᠨᠠᠨ ᠢᠯᠡᠷᠡᠭᠦᠯᠵᠦ᠂ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠰᠠᠶᠢᠵᠢᠷᠠᠭᠤᠯᠪᠠ᠃ ︽ᠰᠢᠣᠸᠠᠢ ᠯᠢᠶᠠᠩ ᠢᠨᠵᠧᠨᠧᠷᠢᠩ︾ ᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠠᠶᠢᠷᠢ ᠳᠤ ᠸᠢᠳᠢᠤ᠋ ᠲᠣᠷᠠᠨ ᠢ ᠪᠦᠷᠢᠨ ᠬᠠᠮᠤᠷᠠᠭᠤᠯᠵᠤ ᠣᠭᠰᠠᠷᠠᠬᠤ ᠶᠢ ᠪᠡᠶᠡᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠨᠠᠢᠮᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂ ᠠᠷᠠᠳᠴᠢᠯᠠᠯ ᠢᠶᠠᠷ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ︵ᠨᠡᠶᠢᠭᠡᠮ ᠲᠣᠭᠤᠷᠢᠭ︶  ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠳᠤᠭᠠᠷ ᠬᠡᠦᠬᠡᠳ ᠤᠨ ᠴᠡᠴᠡᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠪᠠᠷ ᠦᠨᠡᠯᠡᠭᠳᠡᠵᠦ᠂ ᠡᠸᠡᠩᠬᠢ ᠬᠡᠯᠡᠨ ᠤ ᠳᠠᠭᠤᠲᠤ ᠴᠠᠬᠢᠮ ᠲᠣᠯᠢ ᠪᠢᠴᠢᠭ ᠢ ᠵᠢᠩᠬᠢᠨᠢ ᠪᠠᠷ ᠲᠠᠷᠬᠠᠭᠠᠪᠠ᠃ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠪᠦᠬᠦ ᠤᠯᠤᠰ ᠤᠨ ᠵᠠᠯᠠᠭᠤᠴᠤᠳ ᠢ ᠬᠦᠭᠵᠢᠭᠦᠯᠬᠦ ᠮᠠᠶ᠋ᠢᠭ ᠤᠨ ᠬᠤᠰᠢᠭᠤ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠢᠭ᠋ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠪᠦᠬᠦ ᠣᠷᠣᠨ ᠤ ᠭᠤᠷᠪᠠᠨ ᠲᠤᠷᠰᠢᠯᠲᠠ ᠶᠢᠨ ᠬᠤᠰᠢᠭᠤ ᠰᠢᠶᠠᠨ ᠤ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ᠃       ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠢᠨᠠᠨ ᠪᠣᠳᠣᠯᠲᠠ᠂ ᠴᠡᠷᠢᠭ ᠤᠨ ᠠᠯᠪᠠᠨ ᠠᠴᠠ ᠪᠠᠭᠤᠭᠰᠠᠳ᠂ ᠲᠤᠭ᠎ᠠ ᠪᠦᠷᠢᠳᠬᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ᠂ ᠬᠠᠩᠭᠠᠨ ᠪᠣᠷᠤᠯᠠᠭᠤᠯᠭ᠎ᠠ᠂ ᠭᠠᠯ ᠤᠨᠲᠠᠷᠠᠭᠠᠬᠤ᠂ ᠴᠠᠬᠢᠯᠭᠠᠨ ᠬᠦᠴᠦ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯᠴᠢᠨ ᠤ ᠡᠪᠯᠡᠯ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠪᠡ᠃       ᠥᠩᠭᠡᠷᠡᠭᠰᠡᠨ ᠨᠢᠭᠡ ᠵᠢᠯ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠣᠷᠣᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠣᠷᠣᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠣᠷᠣᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠣᠷᠣᠯᠴᠠᠯᠭ᠎ᠠ ᠪᠠᠷ ᠠᠵᠢᠯ ᠦᠢᠯᠡᠰ ᠢ ᠠᠬᠢᠭᠤᠯᠵᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠣᠯᠣᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ 120 ᠵᠦᠢᠯ ᠤᠨ ᠬᠡᠷᠡᠭ ᠵᠥᠪᠯᠡᠬᠦ ᠠᠵᠢᠯ ᠢ ᠵᠢᠷᠤᠮᠵᠢᠭᠤᠯᠤᠨ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 87 ᠬᠤᠪᠢ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 83 ᠬᠤᠪᠢ ᠰᠠᠨᠠᠯ ᠵᠥᠪᠯᠡᠯᠭᠡ ᠶᠢ ᠪᠦᠬᠦᠨ ᠢ ᠬᠤᠭᠤᠴᠠᠭ᠎ᠠ ᠶᠤᠰᠣᠭᠠᠷ ᠭᠦᠢᠴᠡᠳᠭᠡᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ᠪᠥᠬᠦ ᠬᠤᠰᠢᠭᠤᠨ ᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠪᠠ᠃ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠰᠠᠨᠠᠭᠠᠴᠢᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠦᠨᠡᠨ ᠢ  ᠪᠠᠷᠢᠮᠲᠠᠯᠠᠵᠤ ᠪᠣᠳᠠᠲᠠᠢ ᠶᠢ  ᠡᠷᠬᠢᠮᠯᠡᠨ ᠠᠵᠢᠯᠯᠠᠬᠤ  ᠣᠷᠴᠢᠨ ᠨᠥᠬᠦᠴᠡᠯ ᠢ ᠦᠷᠭᠦᠯᠵᠢᠯᠡᠨ ᠪᠠᠬᠢᠵᠢᠭᠦᠯᠪᠡ᠃       ᠲᠥᠯᠥᠭᠡᠯᠡᠭᠴᠢᠳ ᠠ᠋᠂ ᠬᠠᠲᠠᠭᠤ ᠪᠡᠷᠬᠡᠰᠢᠶᠡᠯ ᠢᠶᠠᠷ ᠡᠷᠴᠢ ᠵᠣᠷᠢᠭ ᠢᠶᠠᠨ ᠳᠠᠪᠲᠠᠵᠤ᠂ ᠬᠠᠲᠠᠭᠤᠵᠢᠯ ᠪᠣᠯᠪᠠᠰᠤᠷᠠᠯ ᠢᠶᠠᠷ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠣᠮ᠃ ᠨᠢᠭᠡ ᠵᠢᠯ ᠤᠨ ᠲᠤᠷᠰᠢ ᠪᠢᠳᠡ ᠬᠦᠴᠢᠷ ᠪᠡᠷᠬᠡᠰᠢᠶᠡᠯ ᠢ ᠢᠯᠠᠨ ᠳᠠᠪᠠᠵᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠬᠦᠨᠳᠦ ᠳᠠᠷᠣᠮᠲᠠ ᠶᠢ ᠬᠦᠴᠦᠯᠡᠨ ᠲᠣᠯᠵᠣ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃ 2023 ᠣᠨ ᠤ ᠠᠮᠵᠢᠯᠲᠠ ᠶᠢᠨ ᠦᠨᠳᠦᠰᠦ ᠪᠣᠯ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ ᠵᠢᠴᠢ ᠥᠷᠭᠡᠨ ᠤᠯᠠᠨ ᠺᠠᠳ᠋ᠷ ᠤᠯᠠᠨ ᠲᠦᠮᠡᠨ ᠤ ᠴᠥᠬᠦᠷᠡᠰᠢ ᠦᠭᠡᠢ ᠲᠡᠮᠡᠴᠡᠵᠦ᠂ ᠪᠦᠯᠬᠦᠮᠳᠡᠨ ᠴᠢᠷᠮᠠᠶᠢᠭᠰᠠᠨ ᠤ ᠥᠷ᠎ᠡ ᠳ᠋ᠦᠩ ᠮᠦᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ ᠠᠵᠢᠯᠯᠠᠵᠤ᠂ ᠭᠤᠶᠠᠴᠢ ᠦᠭᠡᠢ ᠵᠢᠳᠬᠦᠵᠦ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠵᠠᠰᠠᠭ ᠤᠨ ᠣᠷᠳᠣᠨ ᠤ ᠠᠵᠢᠯ ᠳᠤ ᠶᠡᠭᠡ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠠ ᠡᠸᠡᠩᠬᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ‌ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠲᠥᠯᠥᠭᠡᠯᠡᠭᠴᠢᠳ ᠠ᠋᠂ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠤ ᠤᠷᠤᠭᠰᠢᠯᠠᠯᠲᠠ ᠶᠢᠨ ᠵᠠᠮ ᠳᠡᠭᠡᠷ᠎ᠡ ᠮᠠᠰᠢ ᠤᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠪᠠᠶᠢᠨ᠎ᠠ᠂ ᠡᠭᠦᠨ ᠤ ᠲᠣᠬᠠᠢ ᠲᠣᠪᠣᠶᠢᠮ᠎ᠠ ᠢᠯᠡᠷᠡᠯ ᠭᠡᠪᠡᠯ᠄ ᠠᠵᠤ ᠠᠬᠤᠢ ᠶᠢᠨ ᠨᠡᠮᠡᠭᠳᠡᠴᠡ‌ᠣᠳᠠᠭᠠᠰᠢᠷᠠᠭᠰᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ  ᠬᠦᠴᠢᠷᠳᠡᠯ  ᠲᠣᠯᠭᠠᠷᠠᠭᠰᠠᠨ᠂ ᠲᠦᠷᠦᠯ ᠵᠦᠢᠯ ᠤᠨ ᠲᠤᠯᠭᠠᠭᠤᠷᠢᠯᠠᠯ ᠴᠢᠳᠠᠯ ᠮᠡᠬᠦᠰᠳᠡᠵᠦ ᠪᠠᠶᠢᠬᠤ ᠠᠰᠠᠭᠤᠳᠠᠯ  ᠤᠳ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠭᠡ᠂ ᠵᠠᠶᠢᠯᠠᠰᠢ ᠦᠭᠡᠢ ᠵᠠᠷᠤᠯᠭ᠎ᠠ ᠪᠠ ᠥᠷᠢ ᠥᠭᠴᠡᠭᠡ ᠶᠢ ᠠᠷᠢᠯᠭᠠᠬᠤ ᠬᠦᠨᠳᠦᠷᠡᠯ ᠶᠡᠭᠡ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠮᠥᠨ ᠯᠡ ᠨᠡᠯᠢᠶᠡᠳ ᠬᠦᠨᠳᠦ ᠪᠠᠶᠢᠨ᠎ᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠮᠥᠨᠬᠦ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠵᠠᠷᠢᠮ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠᠷᠣᠭᠲᠠᠢ᠂ ᠭᠠᠪᠰᠢᠭᠠᠶᠢᠯᠠᠬᠤ ᠡᠷᠴᠢ ᠵᠣᠷᠢᠭ ᠠᠨᠠᠢ ᠵᠡᠷᠭᠡ ᠠᠰᠠᠭᠤᠳᠠᠯ ᠤᠳ ᠪᠠᠰᠠ ᠪᠠᠭ᠎ᠠ ᠪᠣᠰᠣ ᠣᠷᠣᠰᠢᠵᠣ ᠪᠠᠶᠢᠨ᠎ᠠ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯᠯᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ