ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2024/10/9
       ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ       2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠠᠷᠠᠯᠳᠠᠳᠣ ᠡᠭᠦᠷᠭᠡ ᠶᠢ ᠪᠡᠶᠡᠯᠡᠭᠦᠯᠬᠦ ᠰᠢᠪᠲᠤᠯᠤᠯᠲᠠ ᠶᠢᠨ ᠵᠢᠯ ᠪᠣᠯᠣᠨ᠎ᠠ᠂ ᠨᠡᠩ ᠴᠤ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠰᠠᠨᠠᠯ︾  ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠤᠷᠤᠭᠰᠢᠯᠠᠯᠲᠠ ᠶᠢᠨ ᠵᠢᠯ ᠪᠣᠯᠣᠨ᠎ᠠ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠦᠢᠭᠵᠢᠯᠲᠠ ᠶᠢᠨ ᠣᠶᠢᠯᠠᠭᠠᠭᠳᠠᠬᠤᠨ ᠢ ᠪᠦᠷᠢᠨ᠂ ᠣᠨᠣᠪᠴᠢᠲᠠᠶ᠂ ᠪᠦᠭᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠣᠶᠢᠭᠡᠢ  ᠬᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ ᠳᠤ ᠥᠢᠯᠡᠴᠢᠯᠡᠬᠦ᠂ ᠳᠣᠮᠳᠠ ᠤᠷᠤᠰᠬᠠᠯ ᠳᠤ ᠣᠷᠣᠬᠤ ᠪᠠ ᠬᠥᠯᠥᠨ ᠪᠤᠶᠢᠷ ᠬᠤᠳᠠ ᠶᠢᠨ ᠳᠤᠮᠳᠠᠳᠤ ᠤᠷᠤᠰᠬᠠᠯ ᠢ ᠲᠣᠭᠲᠠᠭᠤᠨ ᠪᠠᠶᠢᠯᠭᠠᠬᠤ᠂ ᠳᠡᠭᠡᠲᠦ ᠣᠷᠣᠰᠬᠠᠯ ᠢ ᠲᠡᠮᠡᠴᠡᠬᠦ᠂ ᠡᠮᠦᠨ᠎ᠡ ᠡᠩᠨᠡᠭᠡᠨ ᠳᠤ ᠣᠷᠤᠬᠤ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ︽ᠵᠢᠷᠭᠤᠭᠠᠨ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ︽ᠵᠢᠷᠭᠤᠭᠠᠨ ᠶᠡᠭᠡ ᠳᠠᠶᠢᠯᠠᠯᠳᠤᠭᠠᠨ︾ ᠢ ᠭᠤᠣᠯᠳᠠᠯᠭ᠎ᠠ ᠲᠠᠢ ᠰᠠᠶᠢᠲᠤᠷ ᠬᠢᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠷᠠᠭᠤᠯᠤᠨ᠂ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠤᠨ᠂ ᠠᠷᠠᠳ ᠤᠨ ᠠᠮᠢᠳᠤᠷᠠᠯ ᠤᠨ ᠬᠡᠰᠢᠭ ᠬᠦᠷᠲᠡᠭᠡᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠢ ᠪᠠᠲᠤᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ  ᠣᠯᠣᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠲᠠᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃       ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠯᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5.5% ᠪᠠᠷ ᠨᠡᠮᠡᠭᠳᠡᠭᠦᠯᠦᠨ᠎ᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠬᠢᠭᠡᠳ ᠠᠵᠤ ᠠᠬᠤᠢ ᠶᠢᠨ ᠨᠡᠮᠡᠭᠳᠡᠯ ᠦᠨᠳᠦᠰᠦᠨ ᠳᠡᠭᠡᠨ ᠬᠠᠮᠳᠣ ᠣᠷᠣᠰᠢᠵᠣ᠂ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ  ᠪᠡᠶᠡᠯᠡᠭᠦᠯᠦᠨ᠎ᠡ᠃       ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃       ︵ᠨᠢᠭᠡ︶ ᠪᠡᠯᠡ ᠣᠷᠣᠭᠤᠯᠤᠯᠲᠠ ᠶᠢ ᠥᠷᠭᠡᠳᠬᠡᠨ ᠬᠡᠷᠡᠭᠯᠡᠯᠭᠡ ᠶᠢ ᠠᠬᠢᠭᠤᠯᠬᠤ  ᠪᠠᠷ ᠭᠤᠣᠯᠴᠢᠯᠠᠨ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠡᠷᠡᠭᠯᠡᠯᠭᠡ ᠶᠢᠨ ᠦᠨᠳᠦᠰᠦᠨ ᠦᠢᠯᠡᠳᠦᠯ ᠪᠠ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠠᠪᠴᠠᠯ ᠪᠠᠷ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠲᠠᠰᠤᠷᠠᠯᠳᠠ ᠦᠭᠡᠢ ᠪᠠᠳᠠᠷᠠᠭᠤᠯᠤᠨ᠎ᠠ᠃       ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠨ᠎ᠠ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠬᠤᠲᠠ ᠬᠤᠰᠢᠭᠤ ᠬᠤᠶᠠᠷ ᠱᠠᠲᠤᠨ ᠤ 40 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠵᠢᠯ ᠤᠨ ᠳᠣᠲᠣᠷ᠎ᠠ 36.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠡᠯᠡᠳᠭᠡᠯ ᠬᠤᠭᠤᠴᠠᠭᠠᠨ ᠤ ᠪᠣᠶ ᠪᠦᠬᠦᠢ ᠭᠠᠷᠳᠠᠮ ᠢ ᠭᠦᠢᠴᠡᠳᠭᠡᠬᠦ ᠶᠢ ᠪᠠᠲᠣᠯᠠᠵᠤ᠂ ᠪᠥᠬᠦ ᠵᠢᠯ ᠤᠨ ᠠᠵᠢᠯ ᠡᠬᠢᠯᠡᠭᠦᠯᠬᠦ ᠪᠠ ᠰᠡᠷᠭᠦᠭᠡᠬᠦ ᠨᠣᠷᠮ᠎ᠠ ᠶᠢ ᠴᠢᠷᠮᠠᠶᠢᠨ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠨᠥᠭᠡᠴᠡ ᠭᠦᠢᠴᠡᠳ ᠦᠭᠡᠢ ᠪᠠᠶᠢᠬᠤ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠰᠢᠭᠲᠠᠢ ᠲᠣᠬᠢᠶᠠᠯ ᠤᠨ ᠲᠣᠭᠤᠷᠢᠨ ᠳᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠨᠡᠮᠡᠵᠦ ᠲᠠᠷᠬᠠᠭᠠᠬᠤ ᠵᠡᠷᠭᠡ ᠠᠰᠢᠭᠲᠠᠢ ᠲᠥᠷᠥ ᠶᠢᠨ ᠪᠣᠳᠣᠯᠭ᠎ᠠ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠵᠤᠷᠪᠤᠰ ᠳᠠᠷᠠᠭᠠᠯᠠᠨ ᠭᠦᠨᠵᠡᠭᠡᠢ ᠰᠤᠳᠤᠯᠵᠤ ᠨᠡᠪᠲᠡᠷᠡᠲᠡᠯ᠎ᠡ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ︽ᠦᠪᠡᠷᠲᠡᠭᠡᠨ ᠵᠠᠰᠠᠬᠤ ᠣᠷᠣᠨ ᠳᠤ ᠬᠦᠷᠴᠦ ᠪᠡᠭᠡᠵᠢᠩ ᠣᠷᠣᠵᠣ︾᠂ ᠲᠥᠷᠥ ᠶᠢᠨ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠴᠢᠭᠯᠡᠯ ᠢ ᠴᠠᠭ ᠲᠤᠬᠠᠢ ᠳᠤᠨᠢ ᠳᠠᠭᠠᠵᠤ᠂ ᠨᠠᠩ ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ  ᠶᠢᠨ《 ᠡᠷᠬᠡᠰᠢᠶᠡᠯ》 ᠳᠤ ᠣᠷᠣᠭᠤᠯᠵᠣ ᠠᠪᠴᠢᠷᠠᠬᠤ ᠪᠠᠷ ᠴᠢᠷᠮᠠᠶᠢᠨ᠎ᠠ᠃       ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠪᠠᠶᠢᠩᠭᠤ ᠶᠢᠨ ᠴᠢᠨᠠᠷᠲᠠᠢ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠠᠶᠢᠴᠢᠯᠠᠬᠤ ᠦᠢᠯᠡᠳᠦᠯ ᠲᠠᠢ ᠨᠠᠩ ᠣᠯᠠᠨ ᠲᠥᠷᠥᠯ ᠵᠦᠢᠯ ᠢ ᠡᠸᠡᠩᠬᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠵᠠᠳᠠᠭᠠᠢ ᠠᠭᠤᠷᠬᠠᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠵᠤ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠬᠤᠸᠠ ᠽᠧ ᠺᠣᠮᠫᠠᠨᠢ ᠶᠢᠨ ᠡᠯᠡᠰᠦᠷᠬᠡᠭᠵᠢᠯ ᠪᠠ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠭᠠᠵᠠᠷ ᠲᠤ ᠬᠠᠮ ᠬᠡᠷᠡᠭᠯᠡᠭᠡᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠮᠡᠲᠦ ᠶᠢᠨ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ ᠡᠷᠲᠡ ᠪᠠᠶᠢᠭᠤᠯᠬᠤ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠳᠡᠭᠡᠳᠦ ᠱᠠᠲᠤᠨ ᠤ ᠡᠯ᠎ᠡ ᠲᠥᠷᠥᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠳᠠᠮ ᠢ ᠲᠦᠷᠭᠡᠨ ᠭᠦᠢᠴᠡᠳᠬᠡᠬᠦ  ᠶᠢ ᠦᠨᠡᠨᠬᠦ ᠪᠠᠲᠤᠯᠠᠵᠤ᠂ ᠳ᠋ᠦᠩ ᠨᠧᠩ ᠺᠣᠮᠫᠠᠨᠢ ᠶᠢᠨ ᠣᠶᠤᠨᠲᠤ ᠥᠨᠳᠥᠷ ᠳᠣᠣᠷ᠎ᠠ ᠳᠠᠷᠤᠯᠲᠠᠲᠤ ᠬᠥᠨᠳᠡᠶᠢᠷᠡᠭᠦᠯᠬᠦ ᠨᠡᠭᠡᠯᠡᠬᠡᠢ ᠶᠢᠨ ᠬᠤᠷᠭᠤ᠂ ᠯᠢᠩ ᠫᠸᠢ ᠰᠢᠨᠵᠢᠯᠡᠬᠦ ᠤᠬᠠᠭᠠᠨ ᠮᠡᠷᠭᠡᠵᠢᠯ ᠤᠨ ᠠᠶᠤᠯᠲᠠᠢ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃       ᠬᠡᠷᠡᠭᠯᠡᠯᠭᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠬᠡᠷᠡᠭᠯᠡᠯᠭᠡᠨ ᠤ ᠲᠡᠮᠳᠡᠭᠲᠦ ᠪᠠᠷ ᠬᠥᠲᠥᠯᠥᠨ ᠳᠠᠭᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠥᠷᠥᠯ ᠤᠨ ᠬᠡᠷᠡᠭᠯᠡᠯᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠨᠡᠭᠦᠷᠡᠰᠦ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠯᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠤᠯᠠᠨ ᠡᠰᠢᠴᠢᠯᠡᠭᠰᠡᠨ  ᠬᠡᠷᠡᠭᠯᠡᠯᠭᠡ ᠶᠢᠨ ᠵᠠᠬ᠎ᠠ ᠳᠡᠯᠭᠡᠭᠦᠷ ᠢ ᠪᠤᠢ ᠪᠣᠯᠭᠠᠵᠤ᠂ ᠫᠢᠸᠤ᠋ ᠶᠢᠨ ᠨᠠᠶᠢᠷ᠂ ᠳ᠋ᠧᠩ ᠤᠨ ᠭᠡᠷᠡᠯ ᠤᠨ ᠦᠵᠡᠰᠬᠦᠯᠡᠩ᠂ ᠳᠠᠭᠤᠤ ᠬᠥᠭᠵᠢᠮ ᠤᠨ ᠨᠠᠶᠢᠷ ᠵᠡᠷᠭᠡ ᠣᠨᠴᠠᠯᠢᠭᠲᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠣᠷᠣᠨ ᠪᠦᠰᠡ ᠶᠢᠨ ᠣᠨᠴᠠᠯᠢᠭ  ᠲᠠᠢ ᠭᠤᠣᠯ ᠰᠡᠳᠦᠪᠲᠦ ᠢᠳᠡᠭᠡᠨ ᠤᠮᠳᠠᠭᠠᠨ ᠤ ᠠᠵᠢᠯᠯᠠᠭ᠎ᠠ  ᠶᠢ ᠥᠷᠨᠢᠭᠦᠯᠵᠦ᠂ ᠬᠤᠳᠠ ᠶᠢᠨ ᠬᠡᠷᠡᠭᠯᠡᠯᠭᠡ ᠶᠢᠨ ᠲᠡᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠤᠳᠠᠯᠳᠤᠭᠠᠨ ᠤ ᠬᠦᠷᠢᠶᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠯᠭᠡ ᠶᠢᠨ ᠨᠠᠷᠠᠲᠤ ᠲᠡᠮᠳᠡᠭᠲᠦ ︽ᠥᠪᠥᠷ ᠮᠣᠩᠭᠤᠯ ᠤᠨ ᠦᠨᠦᠷ ᠠᠮᠲᠠ︾  ᠶᠢ ᠬᠡᠷᠡᠭᠯᠡᠵᠦ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠶᠠᠰᠤ ᠴᠢᠨᠠᠷ᠂ ᠰᠣᠶᠣᠯ᠂ ᠴᠢᠳᠠᠮᠵᠢ ᠵᠡᠷᠭᠡ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃ ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠤ ᠬᠠᠯᠠᠮᠰᠢᠯ ᠴᠡᠭ ᠲᠠᠢ ᠤᠶᠠᠯᠳᠤᠭᠤᠯᠤᠨ᠂ ᠮᠦᠩᠭᠦᠨ ᠡᠪᠣᠯ ᠤᠨ ᠲᠠᠮᠢᠷ ᠤᠨ ᠬᠥᠳᠡᠯᠭᠡᠭᠡᠨ ᠤ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠦᠢᠯᠡᠴᠢᠯᠡᠭᠡᠨ ᠤ  ᠬᠡᠷᠡᠭᠯᠡᠯᠭᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃       ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠨ᠎ᠡ᠃ ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠪᠠᠶᠢᠳᠠᠯ ᠢ ᠦᠨᠡᠨ ᠪᠣᠳᠠᠲᠠᠢ ᠪᠠᠷ ᠣᠨᠣᠪᠴᠢᠲᠠᠶ ᠣᠶᠢᠯᠠᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠵᠦ᠂ ᠰᠢᠨ  ᠯᠢᠦᠢ ᠵᠸᠦ᠂ ᠮᠦ ᠯᠠᠨ ᠵᠡᠷᠭᠡ ᠨᠢᠭᠡ ᠪᠦᠯᠦᠭ ᠰᠢᠯᠢᠳᠡᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶ᠎ᠡ ᠪᠠᠷ ᠰᠢᠭᠤᠳ ᠮᠡᠳᠡᠭᠦᠯᠬᠦ ᠬᠡᠪᠴᠢᠶᠡᠨ ᠳᠤ ᠤᠷᠣᠭᠤᠯᠬᠤ ᠶᠢ ᠬᠦᠴᠦᠯᠡᠨ ᠠᠬᠢᠭᠤᠯᠤᠨ᠎ᠠ᠃ ᠦᠢᠯᠡᠳᠪᠦᠷᠢᠯᠡᠵᠦ ᠡᠳ᠋ᠰᠢᠭᠦᠯᠬᠦ᠂ ᠠᠷᠠᠯᠵᠢᠶ᠎ᠠ ᠶᠢᠨ ᠭᠦᠢᠯᠭᠡᠭᠡᠨ᠂ ᠴᠠᠬᠢᠮ ᠬᠤᠳᠠᠯᠳᠤᠭᠠᠨ ᠤ ᠲᠠᠪᠴᠠᠩ ᠮᠡᠲᠦ ᠶᠢᠨ ᠠᠵᠤ ᠠᠬᠤᠶᠢᠯᠠᠯ ᠢ ᠵᠣᠷᠢᠭᠵᠢᠭᠤᠯᠤᠨ ᠬᠤᠲᠠ ᠬᠥᠳᠡᠭᠡ ᠶᠢᠨ ᠵᠠᠬ᠎ᠠ ᠳᠡᠯᠭᠡᠭᠦᠷ ᠢ ᠠᠭᠤᠰᠤᠯᠴᠠᠭᠤᠯᠬᠤ᠂   ︽ᠴᠠᠬᠢᠮ  ᠠᠷᠠᠯᠵᠢᠶ᠎ᠠ ᠪᠠᠷ ᠮᠠᠯ ᠠᠵᠤ ᠠᠬᠤᠢ ᠶᠢ ᠬᠥᠭᠵᠢᠭᠦᠯᠬᠦ︾  ᠶᠢ ᠰᠦᠯᠵᠢᠶ᠎ᠡ ᠪᠠ  ᠵᠠᠬ᠎ᠠ ᠳᠡᠯᠭᠡᠭᠦᠷ ᠢᠶᠠᠷ ᠰᠣᠷᠳᠠᠯᠴᠢᠯᠠᠨ ᠪᠣᠷᠣᠯᠠᠭᠤᠯᠬᠤ ᠠᠵᠢᠯᠯᠠᠭ᠎ᠠ ᠥᠷᠨᠢᠭᠦᠯᠦᠨ᠎ᠡ ᠃ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠢ ᠶᠣᠸᠠᠨ ᠭᠡᠷ ᠬᠦᠷᠦᠩᠭᠡ ᠶᠢᠨ ᠠᠷᠠᠯᠵᠢᠶ᠎ᠠ᠂ ᠲᠠᠯ᠎ᠠ ᠨᠤᠲᠤᠭ ᠤᠨ ᠬᠡᠷᠡᠯᠳᠦ ᠰᠤᠪᠤᠳ ᠵᠡᠷᠭᠡ ᠡᠳ᠋ ᠬᠥᠷᠥᠩᠭᠡ ᠪᠠ ᠵᠣᠭᠰᠣᠩᠬᠢ ᠠᠵᠤ ᠠᠬᠤᠶᠢᠯᠠᠯ ᠢ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ ᠶᠢ ᠴᠣᠴᠠᠯᠲᠠ ᠦᠭᠡᠢ ᠳᠡᠮᠵᠢᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠣᠶ ᠪᠣᠯᠭᠠᠨ᠎ᠠ᠃ ᠮᠥᠩᠭᠦᠨ ᠭᠦᠢᠯᠭᠡᠭᠡᠨ ᠢᠶᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠳᠡᠮᠵᠢᠨ ᠳᠠᠷᠣᠭᠠᠰᠣ ᠢ ᠨᠢ ᠬᠦᠩᠭᠡᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠡᠷᠢᠵᠦ ᠠᠵᠤ ᠠᠬᠤᠶᠢᠯᠠᠯ ᠤᠨ ᠵᠢᠭᠡᠯᠡᠯᠭᠡ ᠶᠢᠨ ᠨᠦᠭᠦᠴᠡᠯ ᠢ ᠪᠠᠭᠤᠷᠠᠭᠤᠯᠬᠤ ᠪᠠᠷ ᠬᠦᠴᠦᠯᠡᠨ ᠵᠤᠬᠢᠴᠠᠭᠤᠯᠤᠨ᠎ᠠ᠃       ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠲᠤᠳᠬᠠᠨ᠎ᠠ᠃ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠷᠪᠠᠨ ᠠᠵᠤ ᠦᠢᠯᠡᠰ ᠤᠨ ᠬᠥᠭᠵᠢᠯᠲᠡ ᠶᠢᠨ ᠰᠢᠪᠲᠤᠯᠤᠯᠲᠠ ᠶᠢ ᠬᠥᠲᠥᠯᠥᠨ ᠳᠠᠭᠠᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃       ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠴᠢᠷᠮᠠᠶᠢᠨ ᠣᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠠᠮᠤ ᠪᠤᠳᠠᠭᠠᠨ ᠤ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢᠨ  ᠬᠠᠷᠠᠯᠳᠠᠳᠣ ᠡᠭᠦᠷᠭᠡ ᠶᠢ ᠡᠷᠡᠰ ᠪᠡᠶᠡᠯᠡᠭᠦᠯᠦᠨ᠎ᠡ᠃ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠳᠤᠮᠳᠠ ᠵᠢᠵᠢᠭ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠰᠦᠨ ᠤ ᠥᠢᠯᠡᠰ ᠤᠨ ᠬᠤᠷᠰᠢᠶᠠᠵᠢᠯ ᠡᠵᠡᠩᠨᠡᠯᠲᠡ ᠶᠢᠨ ᠵᠠᠭᠪᠤᠷ ᠢ ᠭᠦᠨᠵᠡᠭᠡᠢ ᠠᠬᠢᠭᠤᠯᠤᠨ᠎ᠠ᠃  ᠰᠠᠶᠢᠨ ᠡᠭᠦᠯᠳᠡᠷ ᠤᠨ ᠠᠯᠠᠰᠢᠨ ᠦᠬᠡᠷ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠨ ᠾᠧ ᠦᠬᠡᠷ ᠦᠷᠡᠵᠢᠭᠦᠯᠬᠦ ᠲᠠᠯᠠᠪᠠᠶ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠢᠳᠡᠪᠬᠢᠲᠡᠢ ᠪᠠᠷ ᠠᠯᠠᠰᠢᠨ ᠦᠬᠡᠷ᠂ ᠠᠯᠠᠰᠢᠨ ᠬᠤᠨᠢ ᠵᠡᠷᠭᠡ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠤᠨ᠂ ᠡᠳ᠋ᠰᠢᠭᠦᠯᠬᠦ ᠬᠤᠪᠢᠷᠠᠭᠤᠯᠤᠯᠲᠠ ᠶᠢᠨ ᠨᠣᠷᠮ᠎ᠠ ᠶᠢ 65% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠮᠢᠬ᠎ᠠ᠂ ᠰᠦ ᠶᠢᠨ ᠶᠡᠷᠦᠩᠬᠡᠢ ᠭᠠᠷᠤᠯᠲᠠ ᠶᠢ ᠲᠣᠰ ᠲᠣᠰ 2.6 ᠲᠦᠮᠡᠨ ᠲᠣᠨ ᠪᠠ 7.6 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠲᠡᠵᠢᠭᠡᠯ ᠡᠪᠡᠰᠦᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠣᠯᠠᠨ ᠨᠠᠰᠤᠲᠤ ᠲᠡᠵᠢᠭᠡᠯ ᠡᠪᠡᠰᠦᠨ ᠤ ᠲᠥᠷᠥᠯ ᠵᠦᠢᠯ ᠤᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠤ᠂ ᠵᠢᠯ ᠳᠤ 5 ᠲᠦᠮᠡᠨ ᠲᠣᠨ ᠴᠠᠷᠭᠠᠰᠤ ᠶᠢᠨ ᠠᠯᠢᠰᠦ ᠶᠢ ᠡᠳ᠋ᠰᠢᠭᠦᠯᠦᠨ᠂ 3 ᠲᠦᠮᠡᠨ ᠲᠣᠨ ᠨᠣᠭᠤᠭᠠᠨ ᠳᠠᠷᠤᠰᠢ ᠪᠣᠭᠤᠵᠢᠯᠠᠵᠤ ᠨᠦᠭᠡᠴᠡᠯᠡᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠡᠸᠡᠩᠬᠢ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠰᠦᠪᠡᠭᠴᠢᠯᠡᠨ ᠲᠦᠯᠦᠪᠯᠡᠨ᠎ᠡ᠃ ᠨᠠᠷᠠᠲᠤ ᠲᠡᠮᠳᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠮᠡᠷᠭᠡᠰᠢᠯ ᠤᠨ ᠰᠤᠳᠤᠯᠤᠨ ᠬᠦᠭᠵᠢᠭᠦᠯᠬᠦ ᠠᠵᠢᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠪᠣᠬᠢᠷᠲᠤᠯ ᠦᠭᠡᠢ ᠪᠠ ᠣᠷᠭᠠᠨᠢᠭ ᠢᠳᠡᠭᠡᠨ ᠤ ᠭᠡᠷᠡᠴᠢᠯᠡᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶᠠᠷᠣᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃  ᠲᠥᠮᠥᠰᠥ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠤᠸᠠ ᠱᠧᠩ ᠺᠣᠮᠫᠠᠨᠢ ᠶᠢᠨ ᠴᠣᠯᠣ ᠲᠥᠮᠥᠰᠥ ᠶᠢᠨ ᠴᠠᠷᠳᠠᠭᠤᠯ ᠤᠨ ᠦᠢᠯᠡᠳᠪᠦᠷᠢ᠂ ᠹᠧᠨᠲ᠋ᠢᠶᠣᠤᠷ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠳᠡᠮᠵᠢᠵᠦ᠂ ᠲᠥᠮᠥᠰᠥ ᠶᠢᠨ ᠬᠠᠶᠠᠭᠳᠠᠮᠠᠯ ᠡᠳ᠋ ᠢ ᠭᠦᠢᠴᠡᠳ ᠠᠰᠢᠭᠯᠠᠨ ᠤᠭᠤᠷᠠᠭᠲᠤ ᠪᠣᠷᠳᠤᠭ᠎ᠠ ᠦᠢᠯᠡᠳᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠣᠷᠳᠣᠰᠬᠠᠨ᠎ᠠ᠃       ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠨᠧᠷᠭᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠶᠢᠨ ᠣᠶᠤᠨᠴᠢᠯᠠᠭᠰᠠᠨ ᠵᠠᠳᠠᠭᠠᠢ ᠠᠭᠤᠷᠬᠠᠢ ᠶᠢᠨ ᠵᠢᠱᠢᠶ᠎ᠡ ᠦᠵᠡᠭᠦᠯᠬᠦ ᠮᠡᠷᠭᠡᠵᠢᠯ ᠤᠨ ᠰᠤᠳᠤᠯᠭᠠᠨ ᠤ  ᠵᠠᠩᠭᠢᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠂ ᠵᠢᠯᠣᠭᠤᠴᠢ ᠶᠢᠨ ᠲᠠᠰᠤᠭ ᠤᠨ ᠴᠠᠬᠢᠯᠭᠠᠨ ᠬᠥᠳᠡᠯᠭᠡᠭᠦᠷᠲᠦ ᠥᠷᠭᠡᠨ ᠪᠡᠶᠡᠲᠦ ᠠᠴᠢᠶᠠᠨ ᠤ ᠮᠠᠰᠢᠨ ᠲᠡᠷᠭᠡ ᠵᠢᠴᠢ ᠢᠵᠢ ᠪᠦᠷᠢᠳᠦᠭᠦᠯᠬᠦ ᠰᠢᠰᠲ᠋ᠧᠮ ᠤᠨ ᠢᠨᠵᠧᠨᠧᠷᠢᠩ ᠢ ᠬᠦᠴᠦᠨ ᠦᠭᠡᠢ ᠪᠣᠯᠭᠠᠵᠤ᠂ ᠶᠠᠨ ᠨᠠᠨ ᠠᠭᠤᠷᠬᠠᠢ ᠶᠢᠨ ᠰᠠᠯᠬᠢ ᠨᠡᠪᠲᠡᠷᠡᠭᠦᠯᠬᠦ ᠰᠢᠰᠲ᠋ᠧᠮ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠢᠮᠢᠨ ᠵᠠᠳᠠᠭᠠᠢ ᠠᠭᠤᠷᠬᠠᠢ ᠬᠢᠭᠡᠳ ᠶᠠᠨ ᠨᠠᠨ ᠠᠭᠤᠷᠬᠠᠢ ᠶᠢᠨ ᠭᠠᠵᠠᠷ ᠳᠡᠭᠡᠷᠡᠬᠢ ᠦᠢᠯᠡᠳᠪᠦᠷᠢᠯᠡᠯ ᠤᠨ ᠰᠢᠰᠲ᠋ᠧᠮ ᠤᠨ ᠨᠡᠭᠦᠷᠡᠰᠦᠨ ᠲᠠᠯᠠᠪᠠᠶ ᠶᠢ ᠪᠢᠲᠡᠭᠦᠮᠵᠢᠯᠡᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ᠃ ᠡᠨᠧᠷᠭᠢ ᠶᠢᠨ ᠡᠬᠢ ᠪᠠᠶᠠᠯᠢᠭ ᠤᠨ ᠥᠢᠯᠡᠳᠭᠦᠨ ᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠶᠢᠨ 3500 ᠲᠦᠮᠡᠨ ᠲᠣᠨ  ᠥᠢᠯᠡᠳᠪᠦᠷᠢᠯᠡᠬᠦ ᠥᠢᠯᠡᠳᠪᠦᠷᠢᠯᠡᠯ ᠤᠨ ᠴᠢᠳᠠᠮᠵᠢ ᠶᠢᠨ ᠨᠡᠮᠡᠭᠳᠡᠯ ᠪᠠ ᠵᠠᠨᠢ ᠭᠤᠣᠯ ᠤᠨ ᠵᠠᠳᠠᠭᠠᠢ ᠠᠭᠤᠷᠬᠠᠢ ᠶᠢᠨ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠨᠢ ᠭᠤᠣᠯ ᠤᠨ ᠵᠠᠳᠠᠭᠠᠢ ᠠᠭᠤᠷᠬᠠᠢ  ᠶᠢᠨ ᠠᠭᠤᠷᠬᠠᠢ ᠶᠢᠨ ᠪᠠᠶᠠᠯᠢᠭ ᠨᠢ 301 ᠤᠯᠤᠰ ᠤᠨ ᠵᠠᠮ ᠤᠨ ᠨᠢᠭᠡ ᠬᠡᠰᠡᠭ ᠵᠠᠮ ᠢ ᠬᠠᠮᠤᠷᠤᠭᠰᠠᠨ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠮᠧᠩ ᠳ᠋ᠦᠩ ᠡᠨᠧᠷᠭᠢ ᠶᠢᠨ ᠺᠣᠮᠫᠠᠨᠢ ᠶᠢᠨ ᠮᠢᠨ ᠳ᠋ᠦᠩ ᠨᠢᠭᠡᠳᠦᠭᠡᠷ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠵᠤ ᠠᠬᠤᠶᠢᠯᠠᠯ ᠤᠨ ᠮᠢᠨ ᠳ᠋ᠦᠩ ᠨᠢᠭᠡᠳᠦᠭᠡᠷ ᠠᠭᠤᠷᠬᠠᠢ ᠶᠢᠨ ᠭᠠᠮᠰᠢᠭ ᠢ ᠵᠠᠰᠠᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠬᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠯ ᠢ ᠪᠠᠷᠢᠮᠵᠢᠶ᠎ᠠ ᠳᠤ ᠬᠦᠷᠦᠭᠦᠯᠦᠭᠰᠡᠨ ᠤᠷᠢᠲᠠᠯ ᠳᠣᠣᠷ᠎ᠠ ᠠᠯᠢ ᠲᠦᠷᠭᠡᠨ ᠢᠶᠠᠷ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠦᠴᠦᠯᠡᠨ ᠠᠬᠢᠭᠤᠯᠤᠨ᠎ᠠ᠃ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠢᠮᠢᠨ ᠴᠠᠬᠢᠯᠭᠠᠨ ᠦᠢᠯᠡᠳᠪᠦᠷᠢ ᠶᠢᠨ ᠦᠢᠯᠡᠳᠪᠦᠷᠢ ᠳᠤ ᠬᠡᠷᠡᠭᠯᠡᠬᠦ ᠴᠠᠬᠢᠯᠭᠠᠨ᠂ ᠢᠮᠢᠨ ᠵᠠᠳᠠᠭᠠᠢ ᠠᠭᠤᠷᠬᠠᠢ ᠶᠢᠨ ᠠᠭᠤᠷᠬᠠᠢ ᠳᠤ ᠬᠡᠷᠡᠭᠯᠡᠬᠦ ᠴᠠᠬᠢᠯᠭᠠᠨ ᠢ ᠰᠢᠨ᠎ᠡ ᠡᠨᠧᠷᠭᠢ ᠪᠠᠷ ᠤᠷᠣᠯᠠᠭᠤᠯᠬᠤ ᠮᠡᠲᠦ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠦᠷᠭᠦᠯᠵᠢᠯᠡᠨ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ ᠡᠸᠡᠩᠬᠢ ᠬᠦᠷᠢᠶᠡᠯᠡᠩ ᠲᠣᠭᠤᠷᠢᠭ ᠤᠨ ᠪᠦᠯᠦᠭᠯᠡᠬᠦ ᠮᠠᠶ᠋ᠢᠭ ᠤᠨ᠂ ᠬᠡᠯᠬᠢᠶᠡᠵᠢᠯ ᠤᠨ ᠮᠠᠶ᠋ᠢᠭ ᠤᠨ᠂ ᠨᠡᠶᠢᠯᠡᠭ ᠮᠠᠶ᠋ᠢᠭ ᠤᠨ᠂ ᠰᠢᠨ᠎ᠡ ᠶᠢ ᠡᠭᠦᠳᠬᠦ ᠮᠠᠶ᠋ᠢᠭ ᠤᠨ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠪᠦᠲᠦᠭᠡᠨ ᠰᠢᠯᠢᠳᠡᠭ ᠢ ᠡᠭᠦᠳᠬᠦ ᠬᠥᠭᠵᠢᠯᠲᠡ ᠶᠢ ᠳᠡᠮᠵᠢᠨ᠂ ᠯᠢᠦᠢ ᠰᠢᠶᠠᠩ᠂ ᠴᠢᠷᠮᠠᠢ ᠵᠡᠷᠭᠡ ᠠᠵᠤ ᠠᠬᠤᠶᠢᠯᠠᠯ ᠦᠢᠯᠡᠳᠬᠦᠨ ᠢᠶᠠᠨ  ᠰᠤᠳᠤᠯᠤᠨ ᠬᠦᠭᠵᠢᠭᠦᠯᠵᠦ ᠲᠦᠷᠭᠡᠳᠭᠡᠬᠦ ᠶᠢ ᠵᠣᠷᠢᠭᠵᠢᠭᠤᠯᠤᠨ᠂ ᠡᠸᠡᠩᠬᠢ ᠠᠵᠤ ᠦᠢᠯᠡᠰ ᠤᠨ ᠬᠦᠷᠢᠶᠡᠯᠡᠩ ᠤᠨ ᠣᠶᠤᠨᠲᠤ ᠬᠦᠷᠢᠶᠡᠯᠡᠩ ᠲᠣᠭᠤᠷᠢᠭ ᠤᠨ ᠬᠤᠪᠢᠶᠠᠷᠢ ᠡᠵᠡᠮᠳᠡᠯ ᠤᠨ ᠵᠢᠯᠤᠭᠤᠳᠬᠤ ᠲᠥᠪ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠠᠬᠢᠭᠤᠯᠵᠤ᠂ ᠶᠧ ᠲᠢᠶᠠᠨ ᠲᠢᠶᠧ ᠨᠢᠦ ᠺᠣᠮᠫᠠᠨᠢ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢ ᠣᠶᠤᠨᠴᠢ ᠪᠠᠷ ᠦᠢᠯᠡᠳᠬᠦ ᠰᠠᠭᠤᠷᠢᠨ ᠭᠠᠵᠠᠷ ᠤᠨ  ᠪᠠᠶᠢᠭᠤᠯᠤᠯᠲᠠ ᠶᠢᠨ ᠲᠥᠷᠥᠯ ᠵᠦᠢᠯ  ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃       ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠢᠳᠡᠪᠬᠢᠵᠢᠯ ᠢ ᠪᠠᠳᠠᠷᠠᠭᠤᠯᠤᠨ᠎ᠠ᠃ ᠬᠥᠯᠥᠨ ᠪᠤᠶᠢᠷ ᠤᠨ ︽ᠡᠮᠦᠨ᠎ᠡ ᠱᠤᠭᠤᠮ︾ ᠤᠨ ᠵᠢᠭᠤᠯᠴᠢᠯᠠᠯ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠣᠣᠷ︾ ᠵᠢᠭᠤᠯᠴᠢᠯᠠᠯ ᠤᠨ ᠲᠣᠭᠤᠷᠢᠭ ᠲᠤ ᠢᠳᠡᠪᠬᠢᠲᠡᠢ ᠠᠭᠤᠰᠤᠯᠴᠠᠨ᠂ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠯᠥᠨ ᠪᠤᠶᠢᠷ ᠤᠨ ᠨᠠᠸᠧᠨ ᠠᠮᠠᠷᠠᠯᠲᠠ ᠶᠢᠨ ᠲᠣᠰᠬᠤᠨ ᠤ ᠲᠥᠷᠥᠯ ᠵᠦᠢᠯ ᠢ ᠬᠡᠷᠡᠭᠵᠢᠭᠦᠯᠵᠦ᠂ ᠬᠤᠩᠭᠤᠯᠵᠢ ᠵᠢᠭᠠᠷᠲᠣ ᠨᠠᠷᠠᠰᠣ ᠤᠯᠤᠰ ᠤᠨ ᠣᠶ ᠰᠢᠭᠤᠢ ᠶᠢᠨ ᠴᠡᠴᠡᠷᠯᠢᠭ᠂ ᠪᠣᠯᠵᠣᠭᠠᠳᠣ ᠤᠪᠣᠭ᠎ᠠ ᠦᠵᠡᠮᠵᠢ ᠶᠢᠨ ᠣᠷᠣᠨ᠂ ᠴᠧᠨ ᠭᠤᠸᠠᠩ ᠠᠮᠢ ᠠᠬᠤᠢ ᠶᠢᠨ ᠬᠦᠷᠢᠶᠡᠯᠡᠩ  ᠵᠡᠷᠭᠡ ᠦᠵᠡᠮᠵᠢ ᠶᠢᠨ ᠣᠷᠣᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠳᠡᠮᠵᠢᠵᠦ᠂ ᠮᠡᠭᠡᠷᠲᠦ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠷᠴᠢᠮ ᠢ ᠲᠦᠷᠭᠡᠳᠬᠡᠨ᠂ ᠪᠦ᠋ ᠱᠧ  ᠬᠦᠷᠢᠶᠡᠯᠡᠩ᠂ ᠸᠧᠨ ᠯᠢᠦ  ᠬᠦᠷᠢᠶᠡᠯᠡᠩ ᠵᠡᠷᠭᠡ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠴᠢᠭ᠋ ᠵᠢᠴᠢ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠤᠯᠤᠰ ᠤᠨ ᠲᠠᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠂ ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠤᠨ ᠢᠯᠠᠨ ᠭᠠᠴᠠᠭ᠎ᠠ ᠶᠢ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠴᠢᠬᠤᠯᠠ ᠲᠣᠰᠬᠤᠨ  ᠪᠣᠯᠣᠭᠰᠠᠨ ᠡᠭᠦᠳᠦᠨ ᠪᠦᠲᠦᠭᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠮᠣᠷᠢ ᠪᠠᠷ ᠬᠡᠭᠡᠷᠡᠯᠡᠬᠦ᠂ ᠠᠲᠠᠷ ᠤᠨ ᠮᠠᠰᠢᠨ ᠢᠶᠠᠷ ᠣᠢ ᠰᠢᠭᠤᠢ ᠡᠪᠡᠰᠦᠲᠦ ᠲᠠᠯ᠎ᠠ ᠶᠢ ᠲᠣᠭᠤᠯᠣᠨ ᠬᠡᠭᠡᠷᠡᠯᠡᠬᠦ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠎ᠠ ᠪᠠ ᠤᠷᠤᠯᠳᠤᠭᠠᠨ ᠤ ᠠᠵᠢᠯᠯᠠᠭ᠎ᠠ  ᠶᠢᠨ ᠳᠠᠭᠠᠣ᠂ ︽ᠽᠢ ᠵᠢᠢ ᠵᠢᠶᠧ ᠴᠢᠩ  ︵ᠳᠦᠷᠪᠡᠨ ᠤᠯᠠᠷᠢᠯ ᠤᠨ ᠪᠠᠶᠠᠷ ᠳᠤᠷᠠᠰᠬᠠᠯ︶ ︾ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠵᠠᠭᠤᠨ ᠵᠢᠭᠤᠯᠴᠢᠯᠠᠯ ᠤᠨ ᠬᠥᠲᠥᠴᠢ ᠶᠢᠨ ᠡᠸᠡᠩᠬᠢ ᠠᠶᠠᠯᠠᠯ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠷᠣᠨ ᠨᠤᠲᠤᠭ ᠤᠨ ᠵᠢᠭᠤᠯᠴᠢᠯᠠᠯ ᠤᠨ ᠠᠯᠳᠠᠷᠰᠢᠯ ᠢ ᠥᠷᠭᠡᠳᠬᠡᠨ᠂ ᠠᠵᠢᠯᠯᠠᠭᠠᠨ ᠢᠶᠠᠷ ᠵᠤᠭᠠᠴᠠᠭᠰᠠᠳ ᠢ ᠲᠠᠲᠠᠬᠤ ᠶᠢ ᠴᠢᠬᠤᠯᠠᠴᠢᠯᠠᠵᠤ᠂ ᠭᠠᠳᠠᠨ᠎ᠠ ᠣᠷᠣᠨ ᠤ ᠨᠠᠩ ᠣᠯᠠᠨ ᠵᠤᠭᠠᠴᠠᠭᠰᠠᠳ ᠢ ᠨᠠᠰᠢ ᠪᠠᠨ ︽ᠬᠠᠨᠳᠣᠭᠤᠯᠵᠣ  ︵ᠦᠯᠡᠳᠡᠭᠡᠵᠦ︶︾᠂ ᠵᠢᠭᠤᠯᠴᠢᠯᠠᠭᠰᠠᠳ ᠤᠨ ᠲᠤᠭ᠎ᠠ ᠪᠠ ᠣᠷᠣᠯᠭ᠎ᠠ ᠶᠢ ᠲᠣᠰ ᠲᠣᠰ 8%᠂ 13% ᠨᠡᠮᠡᠭᠳᠡᠭᠦᠯᠬᠦ ᠪᠠᠷ ᠴᠢᠷᠮᠠᠶᠢᠨ᠎ᠠ᠃ ᠡᠪᠦᠯ ᠤᠨ ᠤᠯᠠᠷᠢᠯ ᠤᠨ ᠵᠤᠭᠠᠴᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂  ︽ᠠᠷᠪᠠᠨ ᠳᠦᠷᠪᠡᠳᠦᠭᠡᠷ ᠡᠪᠦᠯ︾  ᠤᠨ ᠦᠢᠯᠡᠳᠦᠯ ᠢ  ᠴᠢᠩᠭᠠᠷᠠᠭᠤᠯᠵᠤ᠂ ᠡᠪᠦᠯ ᠤᠨ ᠤᠯᠠᠷᠢᠯ ᠤᠨ ᠵᠤᠭᠠᠴᠠᠯ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠠᠬᠤᠢ︾ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠡᠮᠨᠡᠬᠦ ᠰᠤᠪᠢᠯᠠᠬᠤ ᠶᠢ ᠤᠶᠠᠯᠳᠤᠭᠤᠯᠬᠤ᠂ ᠣᠶᠤᠨᠴᠢ ᠨᠠᠰᠤᠵᠢᠯ ᠤᠨ ᠠᠰᠠᠷᠠᠮᠵᠢ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠬᠦᠴᠦᠯᠡᠨ ᠬᠥᠭᠵᠢᠭᠦᠯᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃       ︵ᠭᠤᠷᠪᠠ︶ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠬᠦ  ᠪᠠᠷ ᠭᠤᠣᠯᠴᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠰᠲ᠋ᠧᠮ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠦᠵᠡᠯ ᠰᠠᠨᠠᠭ᠎ᠠ ᠪᠠᠨ ᠴᠢᠯᠦᠭᠡᠯᠡᠬᠦ᠂ ᠲᠡᠷᠢᠭᠦᠨ ᠤ ᠬᠦᠭᠵᠢᠯᠲᠡ ᠲᠠᠢ ᠬᠠᠷᠢᠴᠠᠭᠤᠯᠬᠤ᠂ ᠵᠣᠷᠢᠭᠲᠠᠢ ᠪᠠᠷ ᠳᠠᠪᠠᠯᠭᠠᠨ ᠤ ᠡᠮᠦᠨ᠎ᠡ ᠵᠤᠭᠰᠣᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠨ ᠲᠠᠯ᠎ᠠ ᠠᠴᠠ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠬᠦ ᠬᠦᠷᠢᠶᠡᠨ ᠳᠤ ᠪᠣᠭᠤᠮᠲᠠ ᠰᠢᠪᠲᠤᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃       ᠰᠢᠨ᠎ᠡ ᠶᠢ ᠡᠭᠦᠳᠬᠦ ᠶᠢ ᠨᠡᠩ ᠶᠡᠭᠡ  ᠪᠠᠷ ᠡᠷᠴᠢᠮᠵᠢᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾᠂ ︽ᠨᠢᠭᠡ ᠠᠵᠤ ᠠᠬᠤᠶᠢᠯᠠᠯ ᠳᠤ ᠨᠢᠭᠡ ᠲᠤᠰᠬᠠᠢ ᠠᠩᠭᠢ ᠪᠠᠶᠢᠭᠤᠯᠬᠤ︾ ᠵᠡᠷᠭᠡ ᠬᠦᠴᠦᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠲᠦᠷᠭᠡᠳᠬᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶᠢᠵᠢᠬᠤ᠂ ᠨᠠᠷᠢᠯᠢᠭᠵᠢᠬᠤ᠂ ᠣᠨᠴᠠᠯᠢᠬᠵᠢᠬᠤ ᠵᠠᠮ ᠢᠶᠠᠷ ᠵᠠᠮᠨᠠᠬᠤ ᠶᠢ ᠵᠤᠷᠢᠭᠵᠢᠭᠤᠯᠤᠨ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠠᠭᠠᠲᠤ ᠵᠠᠬ᠎ᠠ ᠳᠠᠭᠠᠨ 1 ᠠᠵᠤ ᠠᠬᠤᠶᠢᠯᠠᠯ ᠢ ᠪᠣᠶᠢᠵᠢᠭᠤᠯᠤᠨ᠎ᠠ᠃ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠬᠥᠭᠵᠢᠭᠡᠵᠦ᠂ ᠳᠡᠭᠡᠳᠦ  ᠵᠡᠷᠭᠡ ᠶᠢᠨ ᠴᠢᠳᠠᠪᠤᠷᠢᠲᠠᠨ ᠪᠠ ᠵᠠᠯᠠᠭᠤ ᠴᠢᠳᠠᠪᠤᠷᠢᠲᠠᠨ ᠢ ᠤᠯᠠᠨ ᠠᠷᠭ᠎ᠠ ᠵᠠᠮ ᠢᠶᠠᠷ ᠴᠤᠭᠯᠠᠷᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠠᠵᠤ ᠦᠢᠯᠡᠰ ᠤᠨ ᠬᠥᠭᠵᠢᠯᠲᠡ ᠶᠢᠨ ᠨᠢᠭᠲᠠ ᠤᠶᠠᠯᠳᠤᠯ ᠢ ᠲᠦᠯᠬᠢᠨ ᠠᠬᠢᠭᠤᠯᠤᠨ᠎ᠠ᠃  ᠶᠧ ᠲᠢᠶᠠᠨ ᠲᠢᠶᠧ ᠨᠢᠦ᠂  ᠵᠦᠩ ᠺᠧ ᠠᠮᠢᠳᠤ ᠪᠣᠳᠠᠰ ᠵᠡᠷᠭᠡ ᠠᠵᠤ ᠠᠬᠤᠶᠢᠯᠠᠯ ᠤᠳ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠮᠡᠷᠭᠡᠵᠢᠯ ᠤᠨ ᠰᠣᠳᠣᠯᠣᠯ ᠬᠦᠭᠵᠢᠯᠲᠡ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃       ᠨᠡᠩ ᠪᠣᠳᠠᠲᠠᠢ ᠠᠷᠭ᠎ᠠ ᠬᠡᠮᠵᠢᠶ᠎ᠡ ᠠᠪᠴᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠵᠠᠰᠠᠭ ᠪᠠ ᠠᠵᠤ ᠠᠬᠤᠶᠢᠯᠠᠯ ᠤᠨ ᠰᠣᠯᠢᠯᠴᠠᠭ᠎ᠠ  ᠶᠢᠨ ᠣᠨ︾ ᠤ ᠠᠵᠢᠯᠯᠠᠭ᠎ᠠ ᠪᠠᠷ ᠳᠠᠮᠵᠢᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠳᠠᠪᠲᠠᠮᠵᠢ ᠲᠠᠢ ᠵᠦᠢᠯ ᠤᠳ᠂ ᠭᠤᠣᠯᠳᠠᠯᠭ᠎ᠠ ᠲᠠᠢ ᠠᠰᠠᠭᠤᠳᠠᠯ ᠳᠤ ᠲᠥᠪᠯᠡᠷᠡᠭᠦᠯᠦᠨ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ  ᠤᠨ ᠬᠦᠴᠢᠷᠳᠡᠯ ᠢ ᠰᠢᠢᠳᠪᠦᠷᠢᠯᠡᠵᠦ ᠪᠣᠳᠠᠲᠠᠢ ᠥᠢᠯᠡᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠳ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠠᠴᠠᠭ᠎ᠠ᠂ ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠠᠬᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠠᠮᠤᠷ ᠲᠦᠪᠰᠢᠨ ᠬᠢᠭᠡᠳ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠳᠠᠶᠢᠴᠢᠯᠠᠵᠤ᠂ ᠠᠵᠤ ᠠᠬᠤᠶᠢᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ ᠡᠵᠡᠩᠨᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠮᠠᠯᠵᠢᠬᠤ ᠣᠷᠣᠨ ᠤ ᠬᠠᠮᠲᠤ ᠶᠢᠨ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ  ᠣᠷᠣᠭᠤᠯᠣᠨ ᠠᠷᠠᠯᠵᠢᠶᠠᠯᠠᠬᠤ ᠶᠢ ᠬᠠᠶᠢᠨ ᠰᠦᠪᠡᠭᠴᠢᠯᠡᠵᠦ᠂ ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ᢭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠵᠢᠬᠤ ᠣᠷᠣᠨ ᠤ ᠡᠬᠢ ᠪᠠᠶᠠᠯᠢᠭ ᠤᠨ ᠵᠦᠢᠯᠡᠰ ᠢ ᠢᠳᠡᠪᠬᠢᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠭᠦᠢᠴᠡᠳᠭᠡᠨ᠎ᠡ᠃       ᠨᠡᠭᠡᠭᠡᠯᠲᠡ ᠶᠢ ᠨᠡᠩ ᠥᠨᠳᠥᠷ ᠲᠦᠪᠰᠢᠨ ᠢᠶᠠᠷ ᠥᠷᠭᠡᠳᠬᠡᠨ᠎ᠡ᠃ ᠰᠢᠨ᠎ᠡ ᠬᠥᠭᠵᠢᠯᠲᠡ ᠶᠢᠨ ᠳᠠᠯᠠᠶᠢᠴᠠ ᠳᠤ ᠢᠳᠡᠪᠬᠢᠲᠡᠢ ᠠᠭᠤᠰᠤᠯᠴᠠᠵᠤ᠂ ᠳᠠᠶᠢᠵᠸᠦ ᠶᠢᠨ ᠵᠢᠶᠠᠩ ᠶᠠᠨ ᠲᠣᠭᠤᠷᠢᠭ᠂ ᠬᠠᠩᠵᠧᠦ ᠶᠢᠨ ᠣᠯᠠᠨ ᠬᠤᠳᠠᠯᠳᠤᠭᠠᠴᠢᠳ ᠤᠨ ᠡᠪᠯᠡᠯ᠂ ᠱᠠᠨᠳᠦ᠋ᠩ ᠤᠨ ᠬᠤᠨ ᠭᠠᠯᠠᠭᠤ ᠪᠦᠯᠦᠭᠯᠡᠯ ᠵᠡᠷᠭᠡ ᠨᠥᠬᠦᠷᠰᠡᠭ ᠭᠠᠵᠠᠷ ᠣᠷᠣᠨ᠂ ᠬᠤᠳᠠᠯᠳᠤᠭᠠᠨ ᠤ ᠡᠪᠯᠡᠯ᠂ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭᠠᠨ ᠢ ᠠᠮᠵᠢᠵᠤ᠂ ᠪᠣᠳᠠᠲᠠᠢ ᠶᠢ ᠡᠷᠬᠢᠮᠯᠡᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠤ ᠬᠥᠭᠵᠢᠯᠲᠡ ᠶᠢ ᠳᠠᠶᠢᠴᠢᠯᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠳᠣᠲᠣᠭᠠᠳᠤ ᠬᠠᠮᠲᠤᠷᠠᠯᠴᠠᠭ᠎ᠠ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ  ᠶᠢ ᠳᠠᠯᠢᠮᠳᠠᠭᠤᠯᠤᠨ᠂ ᠮᠣᠩᠭᠤᠯ ᠣᠷᠣᠰ ᠮᠡᠲᠦ ᠬᠥᠷᠰᠢ ᠵᠡᠷᠭᠡᠯᠡᠳᠡᠭᠡ ᠭᠠᠵᠠᠷ ᠣᠷᠣᠨ  ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠳᠤᠮᠳᠠᠳᠤ ᠣᠷᠣᠰ ᠮᠣᠩᠭᠤᠯ ᠤᠨ ᠠᠵᠤ ᠠᠬᠤᠢ ᠠᠷᠠᠯᠵᠢᠶ᠎ᠠ  ᠬᠡᠯᠡᠯᠴᠡᠭᠡᠷ ᠤᠨ ᠬᠤᠷᠠᠯ ᠪᠠ ᠣᠯᠠᠨ ᠤᠯᠤᠰ ᠤᠨ ᠮᠢᠬᠠᠨ ᠤ ᠲᠥᠷᠥᠯ ᠤᠨ ᠠᠵᠤ ᠦᠢᠯᠡᠰ ᠤᠨ ᠦᠵᠡᠰᠬᠦᠯᠡᠩ ᠵᠢᠴᠢ ᠭᠠᠳᠠᠭᠠᠳᠤ ᠠᠴᠠ ᠣᠷᠣᠭᠤᠯᠬᠤ ᠦᠵᠡᠰᠬᠦᠯᠡᠩ ᠵᠡᠷᠭᠡ ᠴᠢᠭᠤᠯᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠯᠦᠩ ᠶᠣᠣ ᠲᠠᠯ᠎ᠠ ᠨᠤᠲᠤᠭ ᠺᠤᠮᠫᠠᠨᠢ ᠶᠢ ᠵᠤᠷᠢᠭᠵᠢᠭᠤᠯᠤᠨ ᠮᠣᠩᠭᠤᠯ ᠤᠨ ᠤᠯᠠᠭᠠᠨᠪᠠᠭᠠᠲᠤᠷ ᠤᠨ ᠦᠬᠡᠷ ᠬᠤᠨᠢᠨ ᠮᠢᠬ᠎ᠠ ᠶᠢ ᠠᠩᠬ᠎ᠠ ᠡᠳ᠋ᠰᠢᠭᠦᠯᠬᠦ ᠲᠥᠷᠥᠯ ᠵᠦᠢᠯ ᠢ ᠡᠬᠢᠯᠡᠭᠦᠯᠵᠦ᠂ ᡁᠢ ᠶᠢᠦ᠂ ᠴᠢᠩ ᠽᠧ ᠠᠷᠠᠯᠵᠢᠶ᠎ᠠ᠂ ᠰᠢᠨ ᠯᠢᠦᠢ ᠵᠸᠦ ᠵᠡᠷᠭᠡ ᠺᠣᠮᠫᠠᠨᠢ ᠶᠢᠨ ᠭᠠᠳᠠᠭᠠᠳᠤ ᠳᠤ ᠭᠠᠷᠭᠠᠬᠤ ᠪᠠ ᠭᠠᠳᠠᠭᠠᠳᠤ ᠠᠴᠠ  ᠣᠷᠣᠭᠤᠯᠬᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠳᠡᠮᠵᠢᠵᠦ᠂ ᠭᠠᠳᠠᠭᠠᠳᠤ ᠨᠡᠭᠡᠭᠡᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃       ︵ᠳᠥᠷᠪᠡ︶ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠢ ᠠᠮᠵᠢᠨ ᠬᠦᠭᠵᠢᠭᠦᠯᠬᠦ ᠶᠢ ᠭᠦᠨᠵᠡᠭᠡᠢ ᠠᠬᠢᠭᠤᠯᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠭᠦᠷᠦᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠡᠸᠡᠩᠬᠢ ᠶᠢ ᠴᠢᠷᠮᠠᠶᠢᠨ ᠪᠠᠶᠢᠭᠤᠯᠤᠨ᠎ᠠ᠃       ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠬᠢᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠭᠤᠷᠪᠠᠨ ᠣᠷᠣᠨ ᠵᠠᠢ ᠭᠤᠷᠪᠠᠨ ᠬᠢᠵᠠᠭᠠᠷ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠮᠵᠢ ᠢ ᠪᠠᠬᠢᠵᠢᠭᠦᠯᠦᠨ᠎ᠡ᠃ ᠪᠠᠶᠠᠨᠲᠠᠯ᠎ᠠ ᠨᠡᠶᠢᠭᠡᠮ ᠲᠣᠭᠤᠷᠢᠭ ᠲᠤ  ᠭᠧᠣᠯᠤᠬᠢ ᠤᠨ ᠭᠠᠢ ᠭᠠᠮᠰᠢᠭ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠰᠢᠨᠡᠭᠡᠨ ᠵᠡᠭᠦᠨ ᠰᠤᠮᠤ᠂ ᠢᠮᠢᠨ ᠰᠤᠮᠤ ᠵᠢᠴᠢ ᠬᠤᠩᠭᠤᠯᠵᠢ ᠪᠠᠯᠭᠠᠰᠤᠨ ᠤ ᠡᠷᠬᠢᠨ ᠲᠣᠭᠤᠷᠢᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠢᠮᠢᠨ ᠭᠤᠣᠯ ᠤᠨ ᠭᠤᠣᠯ ᠤᠨ ᠵᠠᠮ ᠢ ᠵᠠᠰᠠᠬᠤ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠡᠷᠴᠢᠮᠵᠢᠭᠦᠯᠦᠨ᠎ᠡ᠃ ︽ᠭᠤᠷᠪᠠᠨ ᠣᠮᠠᠷᠠᠳᠣ ᠣᠷᠣᠨ ︵ᠪᠠᠷᠠᠭᠤᠨ ᠬᠤᠶᠢᠲᠦ ᠣᠷᠣᠨ ᠣᠮᠠᠷᠠᠳᠣ ᠣᠷᠣᠨ ᠵᠡᠭᠦᠨ ᠬᠤᠶᠢᠲᠣ ᠣᠷᠣᠨ︶︾  ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ 0.3 ᠲᠦᠮᠡᠨ ᠮᠦ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ 4.8 ᠲᠦᠮᠡᠨ ᠮᠦ ᠳᠤᠮᠳᠠ ᠨᠢᠯᠬ᠎ᠠ ᠮᠣᠳᠣ ᠶᠢ ᠠᠷᠠᠴᠢᠯᠠᠨ ᠪᠣᠶᠢᠵᠢᠭᠤᠯᠬᠤ᠂ 1 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ 7 ᠲᠦᠮᠡᠨ ᠮᠦ ᠨᠤᠲᠤᠭ ᠪᠡᠯᠴᠢᠭᠡᠷ ᠢ ᠬᠦᠷᠢᠶᠡᠯᠡᠵᠦ᠂ 2 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶ ᠰᠢᠭᠤᠢ ᠶᠢ ᠪᠣᠶᠢᠵᠢᠭᠤᠯᠬᠤ ᠶᠢ ᠬᠡᠷᠡᠭᠵᠢᠭᠦᠯᠦᠨ᠎ᠡ᠃ ︽ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠢᠶᠠᠷ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠠᠰᠢᠭᠯᠠᠵᠤ ᠥᠩᠭᠡᠷᠡᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠯᠪᠢᠵᠦ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠨᠤᠲᠤᠭ ᠪᠡᠯᠴᠢᠭᠡᠷ ᠢ ᠬᠡᠲᠦᠷᠡᠲᠡᠯ᠎ᠡ ᠮᠠᠯᠵᠢᠬᠤ ᠪᠠᠶᠢᠭ᠎ᠠ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ ᠬᠢᠯᠢ ᠪᠠᠷ ᠣᠷᠣᠵᠤ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠬᠤ ᠬᠠᠮᠠᠭᠠᠯᠠᠭᠴᠢ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ᠂ ᠥᠨᠵᠢᠭᠦᠯᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10%  ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡᠨ ᠤᠰᠤ ᠳᠦᠷᠪᠡ  ᠶᠢ ᠲᠣᠭᠲᠠᠭᠠᠬᠤ︾ ᠵᠠᠷᠴᠢᠮ ᠢ ᠴᠢᠩᠭ᠎ᠠ ᠵᠢᠷᠤᠮᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠢᠨᠠᠯᠲᠠ ᠬᠠᠮᠢᠶᠠᠷᠤᠯᠲᠠ ᠪᠠ ︽ᠳᠥᠷᠪᠡᠨ ᠳᠤᠷ᠎ᠠ ᠪᠠᠷ ᠢᠶᠠᠨ︾ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠠᠰᠠᠷᠠᠣ ᠶᠡᠬᠡᠪᠡᠷ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃       ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠤᠲᠠᠲᠠᠢ ᠠᠳᠬᠤᠨ᠎ᠠ᠃ ᠬᠥᠬᠡ ᠣᠭᠲᠠᠷᠭᠤᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯᠯᠠᠭᠠᠨ ᠢ ᠦᠷᠭᠦᠯᠵᠢᠯᠡᠨ  ᠭᠦᠨᠵᠡᠭᠡᠶᠢᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠣᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠣᠯᠠᠨ᠎ᠠ᠃ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠪᠣᠰᠣ ᠭᠠᠳᠠᠭᠰᠢᠯᠠᠭᠤᠯᠬᠤ᠂ ᠠᠭᠤᠷᠰᠢᠯᠲᠣ ᠣᠷᠭᠠᠨᠢᠭ ᠪᠣᠬᠢᠷᠲᠤᠯ ᠪᠣᠳᠠᠰ ᠲᠤ ᠬᠢᠨᠠᠯᠲᠠ ᠲᠠᠯᠪᠢᠬᠤ ᠪᠠ ᠲᠡᠭᠦᠨ ᠤ ᠵᠠᠰᠠᠯᠲᠠ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠤᠨ᠎ᠠ᠃ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠭᠠᠷᠴᠠ ᠶᠢ ᠵᠢᠷᠤᠮᠵᠢᠭᠤᠯᠬᠤ  ᠪᠠᠶᠢᠭᠤᠯᠤᠯᠲᠠ ᠶᠢ ᠠᠬᠢᠭᠤᠯᠤᠨ᠂ ᠭᠠᠵᠠᠷ ᠳᠣᠣᠷᠠᠬᠢ ᠤᠰᠤ ᠶᠢ ᠶᠡᠷᠦᠩᠬᠡᠶᠢᠯᠡᠨ ᠵᠠᠰᠠᠬᠤ ᠪᠠ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠩᠭᠤᠯᠵᠢ ᠴᠥᠭᠦᠷᠥᠮ ᠤᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠧᠣᠯᠤᠬᠢ ᠢ ᠳᠡᠭᠡᠭᠰᠢᠯᠡᠭᠦᠯᠬᠦ ᠪᠠ ᠰᠡᠷᠭᠦᠭᠡᠨ ᠵᠠᠰᠠᠵᠤ ᠬᠠᠮᠠᠭᠠᠯᠠᠬᠤ ᠢᠨᠵᠧᠨᠧᠷᠢᠩ ᠢ ᠬᠠᠮᠵᠢᠯᠴᠠᠨ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠥᠯᠥᠨ ᠪᠤᠶᠢᠷ ᠬᠤᠲᠠ ᠶᠢᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠦᠬᠦᠳᠡᠯ ᠢ ᠬᠤᠣᠷ  ᠥᠭᠡᠶᠢᠵᠢᠭᠦᠯᠥᠨ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠵᠢᠯᠴᠠᠨ ᠬᠡᠷᠡᠭᠵᠢᠭᠦᠯᠦᠨ᠎ᠡ᠃ ᠲᠠᠷᠢᠶᠠᠨ ᠡᠮ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠪᠠ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃       ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠠᠬᠢᠵᠢᠭᠦᠯᠦᠨ᠎ᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠡᠭᠦᠳᠴᠣ᠂ ᠳᠣᠯᠣᠳᠤᠭᠠᠷ ᠡᠭᠡᠯᠵᠢ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠣᠷᠭᠢᠯ ᠬᠡᠮᠵᠢᠭᠳᠡᠯ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ︽1+N︾ ᠰᠢᠷᠢᠰ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂  ᠡᠨᠧᠷᠭᠢ ᠠᠷᠪᠢᠯᠠᠬᠤ ᠲᠥᠷᠥᠯ ᠵᠦᠢᠯ  ᠢ ᠵᠥᠪᠰᠢᠶᠡᠷᠡᠨ ᠣᠷᠣᠭᠤᠯᠬᠤ ᠪᠠ ᠬᠢᠨᠠᠨ  ᠪᠠᠶᠢᠴᠠᠭᠠᠯᠲᠠ ᠶᠢ ᠴᠢᠩᠳᠠᠯᠠᠵᠤ᠂ ︽ᠬᠤᠶᠠᠷ ᠥᠨᠳᠥᠷ ᠨᠢᠭᠡ ᠳᠣᠣᠷ᠎ᠠ︾  ᠲᠥᠷᠥᠯ ᠵᠦᠢᠯ ᠢ ᠡᠷᠡᠰ ᠬᠤᠷᠢᠭᠯᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠬᠤ ᠪᠣᠯᠣᠮᠵᠢ ᠶᠢ ᠠᠰᠢᠭᠯᠠᠨ᠎ᠠ᠃ ᠠᠮᠢ ᠠᠬᠤᠢ ᠵᠢᠨ‌‍ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠵᠢᠴᠢ ᠲᠥᠷᠥᠯ ᠵᠦᠢᠯ ᠤᠨ ᠨᠡᠭᠡᠭᠡᠨ ᠬᠥᠭᠵᠢᠭᠦᠯᠬᠦ  ᠪᠣᠯᠣᠮᠵᠢ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ ᠰᠢᠨ᠎ᠡ ᠪᠠᠷ ᠣᠶᠢᠵᠢᠭᠤᠯᠬᠤ ᠲᠥᠷᠥᠯ ᠵᠦᠢᠯ ᠤᠨ ᠲᠦᠰᠦᠯ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠪᠡᠶᠡᠯᠡᠭᠦᠯᠵᠦ᠂ CCER ᠣᠶ ᠰᠢᠭᠤᠢ ᠶᠢᠨ ᠥᠢᠯᠡᠰ ᠨᠡᠭᠦᠷᠡᠰᠦᠲᠥ᠋ᠷᠥᠭᠴᠢ ᠬᠤᠷᠠᠭᠤᠯᠬᠤ ᠵᠠᠬ᠎ᠠ ᠳᠡᠯᠭᠡᠭᠦᠷ ᠢ ᠨᠡᠭᠡᠭᠡᠭᠰᠡᠨ ᠤ ᠳᠠᠷᠠᠭ᠎ᠠ ᠨᠢᠭᠡᠳᠦᠭᠡᠷ ᠡᠭᠡᠯᠵᠢ ᠶᠢᠨ ᠠᠷᠠᠯᠵᠢᠶᠠᠯᠠᠬᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ︽ᠨᠡᠭᠦᠷᠡᠰᠦᠲᠥ᠋ᠷᠥᠭᠴᠢ ᠬᠤᠷᠠᠭᠤᠯᠬᠤ + ᠮᠥᠩᠭᠦᠨ ᠭᠦᠢᠯᠭᠡᠭᠡᠨ︾ ᠤ ᠵᠠᠭᠪᠤᠷ ᠢ ᠬᠠᠶᠢᠨ ᠰᠦᠪᠡᠭᠴᠢᠯᠡᠵᠦ᠂ ᠣᠶ ᠰᠢᠭᠤᠢ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠳᠦᠷᠢᠮ ᠢ ᠲᠡᠭᠦᠯᠳᠡᠷᠵᠢᠭᠦᠯᠦᠨ᠂ ᠣᠶ ᠰᠢᠭᠤᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠠᠮᠢ ᠠᠬᠤᠢ ᠶᠢᠨ ᠥᠷᠲᠡᠭ ᠢ ᠠᠵᠤ ᠠᠬᠤᠢ ᠶᠢᠨ ᠥᠷᠲᠡᠭ ᠳᠠᠰᠢ  ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠤᠨ᠎ᠠ᠃       ︵ᠲᠠᠪᠤ︶ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠲᠥᠪᠯᠡᠷᠡᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠳᠠᠯᠠᠶᠢᠴᠠ ᠶᠢ ᠬᠦᠴᠦᠯᠡᠨ ᠪᠠᠶᠢᠭᠤᠯᠤᠨ᠎ᠠ᠃ ᠲᠥᠪ ᠬᠤᠲᠠ ᠲᠣᠭᠤᠷᠢᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ᠂ ᠪᠦᠬᠦᠯᠢ ᠴᠣᠭᠴᠠᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠳᠠᠯ ᠤᠨ ᠬᠢᠷᠢ ᠪᠠᠷ ᠨᠢᠭᠡᠳᠦᠯᠲᠡᠢ ᠲᠥᠯᠥᠪᠵᠢᠭᠦᠯᠦᠨ᠎ᠡ᠃       ᠲᠥᠪ ᠬᠤᠳᠠ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠥᠯᠥᠨ ᠪᠤᠶᠢᠷ ᠬᠤᠲᠠ ᠶᠢᠨ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠬᠦᠲᠦᠯᠪᠦᠷᠢ ᠪᠣᠯᠭᠠᠵᠤ᠂ ᠬᠤᠲᠠ ᠪᠠᠯᠭᠠᠰᠤ ᠶᠢᠨ ᠳᠠᠭᠠᠭᠠᠴᠠ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠪᠠᠶᠠᠨᠲᠤᠬᠠᠶ ᠪᠠᠯᠭᠠᠰᠤ ᠶᠢᠨ ᠰᠠᠭᠤᠷᠢ ᠲᠦᠭᠦᠭᠡᠷᠦᠮᠵᠢ ᠶᠢᠨ ᠢᠨᠵᠧᠨᠧᠷᠢᠩ᠂ ᠭᠤᠣᠯ ᠤᠨ ᠪᠠᠷᠠᠭᠤᠨ ᠰᠢᠨ᠎ᠡ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠢᠮᠢᠨ ᠭᠤᠣᠯ ᠤᠨ ᠭᠤᠣᠯ ᠳᠠᠭᠠᠤ ᠶᠢᠨ ᠦᠵᠡᠮᠵᠢ ᠶᠢᠨ ᠪᠦᠰᠡ ᠶᠢᠨ ᠰᠠᠭᠤᠷᠢ ᠲᠦᠭᠦᠭᠡᠷᠦᠮᠵᠢ ᠶᠢ ᠰᠡᠯᠪᠢᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠤᠨ ᠪᠠᠷᠠᠭᠤᠨ ᠰᠢᠨ᠎ᠡ ᠲᠣᠭᠤᠷᠢᠭ ᠤᠨ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ 2.8 ᠲᠦᠮᠡᠨ ᠲᠡᠭᠰᠢ ᠳᠥᠷᠪᠡᠯᠵᠢᠨ ᠮᠧᠲᠷ ᠥᠷᠭᠡᠳᠭᠡᠨ᠎ᠡ᠃ ︽ᠳᠣᠯᠠᠭᠠᠨ ᠢᠨᠵᠧᠨᠧᠷᠢᠩ︾ ᠢ ᠬᠡᠷᠡᠭᠵᠢᠭᠦᠯᠵᠦ᠂ ᠢᠯᠴᠢ ᠬᠠᠩᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠣᠯᠠᠨ ᠲᠦᠮᠡᠨ ᠤ ᠲᠤᠰᠬᠠᠯ ᠨᠡᠯᠢᠶᠡᠳ ᠲᠥᠪᠯᠡᠷᠡᠭᠰᠡᠨ ᠭᠤᠣᠯᠳᠠᠯᠭ᠎ᠠ ᠲᠠᠢ ᠬᠦᠴᠢᠷᠳᠡᠯᠲᠡᠢ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠥᠭᠡᠷᠡᠴᠢᠯᠡᠯᠲᠡ ᠶᠢᠨ ᠡᠷᠴᠢᠮ ᠢ ᠲᠦᠷᠭᠡᠳᠬᠡᠨ᠎ᠡ᠃ ᠲᠥᠪ ᠬᠤᠲᠠ ᠲᠤᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ ︽ᠬᠤᠶᠠᠷ ᠪᠣᠬᠢᠷᠲᠤᠯ︾ ᠢ ᠰᠢᠢᠳᠪᠦᠷᠢᠯᠡᠬᠦ᠂ ᠤᠰᠤ ᠵᠠᠯᠠᠵᠤ ᠥᠶᠡᠷ ᠤᠰᠤᠲᠤᠯ ᠢ ᠰᠡᠷᠭᠡᠶᠢᠯᠡᠬᠦ ᠵᠡᠷᠭᠡ ᠰᠠᠭᠤᠷᠢ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠶᠠᠪᠤᠳᠠᠯ ᠤᠨ ᠡᠳᠦᠷ ᠲᠤᠲᠤᠮ ᠤᠨ ᠬᠡᠷᠡᠭᠯᠡᠯᠭᠡᠨ ᠤ ᠲᠤᠨᠤᠭ ᠲᠦᠭᠦᠭᠡᠷᠦᠮᠵᠢ ᠶᠢᠨ ᠬᠡᠪ ᠤᠨ ᠠᠵᠢᠯᠯᠠᠭᠠᠨ ᠪᠠ ᠬᠠᠮᠠᠭᠠᠯᠠᠬᠤ ᠶᠢ ᠰᠠᠶᠢᠲᠤᠷ ᠠᠳᠬᠤᠨ᠎ᠠ᠃ ᠣᠶᠤᠨᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠲᠣᠭᠤᠷᠢᠭ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠠᠮᠢ ᠠᠬᠤᠶᠢᠲᠣ ᠲᠡᠷᠭᠡᠨ ᠵᠣᠭᠰᠣᠭᠠᠯ ᠤᠨ ᠴᠡᠨᠡᠭᠯᠡᠭᠦᠷ ᠤᠨ ᠪᠠᠭᠠᠨ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠶᠢᠭᠤᠯᠬᠤ᠂ ᠳᠤᠷ᠎ᠠ ᠪᠠᠷ ᠢᠶᠠᠨ ᠲᠡᠷᠭᠡ ᠤᠨᠤᠭ᠎ᠠ ᠵᠤᠭᠰᠤᠭᠠᠬᠤ᠂ ᠡᠳ᠋ ᠶᠠᠭᠤᠮ᠎ᠠ ᠪᠠᠨ ᠳᠤᠷ᠎ᠠ ᠪᠠᠷ ᠢᠶᠠᠨ ᠬᠠᠶᠠᠬᠤ᠂ ᠠᠰᠬᠠᠵᠤ᠂ ᠭᠤᠭᠤᠵᠢᠭᠤᠯᠤᠭᠰᠠᠨ ᠵᠡᠷᠭᠡ ᠬᠤᠲᠠ ᠶᠢᠨ ᠡᠮᠬᠢ ᠲᠢᠭ ᠦᠭᠡᠢ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ ᠶᠢᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠬᠦᠴᠦ ᠪᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠱᠠᠲᠤᠨ ᠤ ᠵᠢᠱᠢᠶ᠎ᠡ ᠦᠵᠡᠭᠦᠯᠦᠨ ᠡᠵᠡᠩᠨᠡᠬᠦ 11 ᠭᠤᠣᠯ ᠴᠣᠭᠴᠠ ᠶᠢ ᠪᠣᠶᠢᠵᠢᠭᠤᠯᠤᠨ᠎ᠠ᠃ ᠣᠶ ᠰᠢᠭᠤᠢ ᠶᠢᠨ ᠲᠠᠯᠠᠪᠠᠶ ᠬᠢᠭᠡᠳ  ᠨᠡᠶᠢᠭᠡᠮ ᠤᠨ ᠪᠡᠯᠡ ᠮᠦᠩᠭᠦ ᠲᠠᠢ ᠬᠠᠮᠲᠤᠷᠠᠨ ᠣᠶ ᠶᠢᠨ ᠬᠤᠷᠮᠣᠢ ᠶᠢᠨ ᠡᠬᠢ ᠪᠠᠶᠠᠯᠢᠭ ᠢ  ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ᠂ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠵᠣᠯᠭᠠᠭᠤᠯᠵᠤ ᠬᠠᠪᠰᠤᠷᠤᠨ‌‍ᠲ᠋ᠡᠳᠬᠦᠬᠦ ᠪᠡᠯᠡ ᠮᠥᠩᠭᠦ ᠶᠢ4000 ᠭᠠᠷᠤᠢ ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠮᠠᠯᠵᠢᠬᠤ ᠣᠷᠣᠨ ᠤ ᠡᠯ᠎ᠡ ᠬᠦᠷᠢᠶᠡᠨ ᠳᠠᠬᠢ ᠳᠤᠲᠠᠭᠤᠳᠠᠯ ᠪᠠᠭᠤᠷᠠᠢ ᠵᠦᠢᠯᠡᠰ ᠢ ᠨᠥᠬᠦᠪᠦᠷᠢᠯᠡᠨ᠎ᠡ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ ᠲᠣᠰᠬᠤᠨ ᠢ ᠭᠤᠶᠣᠵᠢᠭᠤᠯᠤᠨ ᠭᠡᠷᠡᠯᠲᠦᠭᠦᠯᠬᠦ ᠨᠣᠭᠤᠭᠠᠷᠠᠭᠤᠯᠬᠤ ᠠᠵᠢᠯ ᠢ ᠰᠠᠶᠢᠲᠤᠷ ᠬᠢᠨ᠎ᠡ᠃ ᠮᠠᠯᠵᠢᠬᠤ ᠣᠷᠣᠨ ᠤ ᠵᠣᠷᠯᠣᠩ ᠤᠨ ᠬᠤᠪᠢᠰᠬᠠᠯ ᠢ ᠦᠷᠭᠦᠯᠵᠢᠯᠡᠨ ᠠᠬᠢᠭᠤᠯᠵᠤ᠂ 200 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠪᠦᠷᠬᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃       ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠲᠣᠣᠷ ᠰᠦᠯᠵᠢᠶ᠎ᠡ ᠶᠢᠨ ᠬᠠᠮᠤᠷᠬᠤ ᠥᠷᠭᠡᠴᠡ ᠪᠠ ᠨᠡᠪᠲᠡᠷᠡᠭᠦᠯᠬᠦ ᠬᠡᠪᠴᠢᠶ᠎ᠡ ᠶᠢ ᠳᠡᠭᠡᠭᠰᠢᠯᠡᠭᠦᠯᠵᠦ᠂ ᠶᠦᠩ ᠹᠧᠩ ᠶᠡᠭᠡ ᠬᠥᠭᠦᠷᠭᠡ᠂ ᠴᠡᠷᠢᠭ ᠠᠷᠠᠳ ᠤᠨ ᠶᠡᠭᠡ ᠬᠥᠭᠦᠷᠭᠡ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠂ ᠬᠤᠩᠭᠤᠯᠵᠢ ᠠᠴᠠ ᠥᠷᠭᠡᠨ ᠠᠭᠤᠯᠠ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠠᠮᠵᠢᠯᠴᠠᠨ ᠠᠬᠢᠭᠤᠯᠤᠨ᠎ᠠ᠃ ︽ᠬᠦᠳᠡᠭᠡ ᠲᠣᠰᠬᠤᠨ ᠤ ᠲᠦᠷᠪᠡᠨ ᠰᠠᠶᠢᠨ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ 53.53 ᠺᠢᠯᠣᠮᠧᠲᠷ ᠵᠠᠮ ᠤᠨ ᠬᠡᠰᠡᠭ ᠢ ᠠᠷᠠᠴᠢᠯᠠᠨ ᠬᠠᠮᠠᠭᠠᠯᠠᠬᠤ ᠡᠭᠦᠷᠭᠡ ᠶᠢ ᠪᠡᠶᠡᠯᠡᠭᠦᠯᠦᠨ᠎ᠡ᠃ ᠵᠡᠭᠦᠨ ᠰᠤᠮᠤᠨ ᠤ ᠬᠡᠷᠡᠭ ᠡᠷᠬᠢᠯᠡᠬᠦ ᠭᠠᠵᠠᠷ ᠠᠴᠠ ᠬᠠᠷᠠᠲᠣᠬᠠᠢ ᠭᠠᠴᠠᠭ᠎ᠠ ᠬᠦᠷᠬᠦ ᠵᠠᠰᠠᠮᠠᠯ ᠵᠠᠮ ᠤᠨ ᠬᠥᠭᠦᠷᠭᠡ ᠶᠢᠨ ᠭᠤᠯᠳᠤᠩ ᠤᠨ ᠢᠨᠵᠧᠨᠧᠷᠢᠩ ᠢ ᠪᠡᠶᠡᠯᠡᠭᠦᠯᠦᠨ᠂ ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠵᠣᠬᠢᠴᠠᠭᠤᠯᠤᠨ ᠠᠬᠢᠭᠤᠯᠤᠨ᠎ᠠ᠃ ᠡᠸᠡᠩᠬᠢ ᠴᠠᠬᠢᠯᠭᠠᠨ ᠦᠢᠯᠡᠳᠪᠦᠷᠢ ᠶᠢᠨ ᠬᠤᠯᠠ ᠵᠠᠢ ᠶᠢᠨ ᠡᠨᠧᠷᠭᠢ ᠠᠷᠪᠢᠯᠠᠨ ᠢᠯᠴᠢ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠢᠯᠴᠢ ᠬᠠᠩᠭᠠᠬᠤ ᠤᠰᠤ ᠬᠠᠩᠭᠠᠬᠤ ᠬᠤᠭᠤᠯᠠᠢ ᠶᠢᠨ ᠲᠣᠣᠷ ᠢ ᠬᠥᠭᠵᠢᠭᠦᠯᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠦᠭᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠩᠭᠤᠯᠵᠢ  ᠪᠠᠯᠭᠠᠰᠤᠨ ᠤ ᠪᠣᠬᠢᠷ ᠤᠰᠤ᠂ ᠤᠰᠤ ᠬᠠᠩᠭᠠᠯᠭ᠎ᠠ ᠵᠢᠴᠢ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠳ᠋ᠠ ᠶᠠᠨ ᠪᠠᠯᠭᠠᠰᠤ ᠶᠢᠨ ᠬᠤᠭ ᠨᠣᠪᠰᠢ ᠶᠢᠨ ᠲᠠᠯᠠᠪᠠᠶ ᠶᠢᠨ ᠢᠨᠵᠧᠨᠧᠷᠢᠩ ᠤᠨ ᠪᠠᠷᠢᠯᠭ᠎ᠠ ᠶᠢᠨ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃       ︵ᠵᠢᠷᠭᠤᠭ᠎ᠠ︶ ᠠᠷᠠᠳ ᠣᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ  ᠬᠦᠴᠦᠯᠡᠨ ᠳᠡᠭᠡᠭᠰᠢᠯᠡᠭᠦᠯᠦᠨ᠎ᠡ᠃ ︽ᠠᠷᠠᠳ ᠤᠨ ᠠᠮᠢᠳᠤᠷᠠᠯ ᠢ ᠰᠢᠢᠳᠪᠦᠷᠢᠯᠡᠬᠦ ᠪᠣᠯ ᠬᠠᠮᠤᠭ ᠤᠨ ᠶᠡᠭᠡ ᠤᠯᠤᠰ ᠲᠥᠷᠥ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠠᠷᠠᠳ ᠲᠦᠮᠡᠨ ᠤ ᠠᠰᠢᠭ ᠲᠤᠰᠠ ᠲᠠᠢ ᠰᠢᠭᠤᠳ ᠬᠤᠯᠪᠣᠭᠳᠠᠬᠤ᠂ ᠬᠠᠮᠤᠭ ᠤᠨ ᠪᠣᠳᠠᠲᠠᠢ ᠠᠰᠠᠭᠤᠳᠠᠯ ᠢ ᠴᠢᠩᠭ᠎ᠠ ᠠᠳᠬᠤᠨ᠂ ᠨᠢᠭᠡ ᠪᠦᠯᠦᠭ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠢ 70% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃       ᠨᠡᠶᠢᠭᠡᠮ ᠤᠨ ᠪᠠᠲᠤᠯᠠᠭ᠎ᠠ ᠶᠢ ᠨᠡᠩ ᠲᠡᠭᠦᠯᠳᠡᠷᠵᠢᠭᠦᠯᠦᠨ ᠡᠷᠴᠢᠮᠵᠢᠭᠦᠯᠦᠨ᠎ᠡ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯ ᠦᠢᠯᠡᠰ ᠤᠨ ᠴᠤᠭᠴᠠᠯᠠᠯᠲᠠ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢ ᠢᠳᠡᠪᠬᠢᠵᠢᠭᠦᠯᠵᠦ᠂ ᠨᠢᠭᠡ ᠪᠦᠯᠦᠭ ᠬᠦᠴᠢᠷᠳᠡᠯ ᠲᠠᠢ ᠬᠦᠮᠦᠰ ᠲᠤ ᠠᠵᠢᠯ ᠣᠯᠭᠤᠬᠤ ᠦᠨᠳᠦᠰᠦᠨ ᠱᠠᠭᠠᠷᠳᠠᠯᠭ᠎ᠠ ᠶᠢ ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠂ ᠣᠬᠠᠮᠰᠠᠷᠲᠣ ᠥᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠦᠪᠡᠰᠦᠪᠡᠨ ᠭᠤᠶᠤᠴᠢᠯᠠᠯ ᠦᠭᠡᠢ ᠪᠠᠷ ᠰᠢᠭᠤᠳ ᠥᠢᠯᠡᠴᠢᠯᠡᠭᠡ ᠬᠦᠷᠲᠡᠬᠦ︾ ᠵᠡᠷᠭᠡ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠳᠦᠭᠦᠮ ᠦᠵᠡᠭᠦᠯᠬᠦ ᠠᠷᠭ᠎ᠠ ᠠᠪᠴᠠᠯ ᠢ ᠬᠦᠴᠦᠯᠡᠨ ᠬᠡᠷᠡᠭᠵᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠪᠥᠬᠦ ᠤᠯᠤᠰ ‍ᠤᠨ‌ᠨᠢᠭᠡᠳᠦᠯᠲᠡᠢ ᠲᠥᠯᠥᠪᠯᠡᠬᠦ ᠡᠯ᠎ᠡ ᠵᠦᠢᠯ ᠤᠨ ᠡᠭᠦᠷᠭᠡ ᠲᠠᠢ ᠬᠠᠮᠳᠣ ᠰᠠᠶᠢᠲᠤᠷ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠭᠡᠬᠦ ᠪᠠᠷ ᠳᠠᠬᠢᠨ ᠬᠦᠴᠦᠯᠡᠬᠦ᠂ ᠳᠠᠬᠢᠨ‌‍ᠰᠢᠪᠲᠤᠯᠬᠤ ᠶᠢ ᠠᠬᠢᠭᠤᠯᠤᠨ᠎ᠠ᠃ ᠤᠷᠤᠬ ᠤᠨ ᠶᠣᠰᠣ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠵᠤ᠂ ᠤᠷᠤᠬ ᠤᠨ ᠪᠦᠷᠢᠳᠬᠡᠯ ᠤᠨ ᠭᠠᠵᠠᠷ ᠤᠨ ᠪᠠᠶᠢᠭᠤᠯᠤᠯᠲᠠ ᠶᠢ ᠪᠠᠷᠢᠮᠵᠢᠶᠠᠵᠢᠭᠤᠯᠤᠨ ᠬᠡᠷᠡᠭᠵᠢᠭᠦᠯᠦᠨ᠎ᠡ᠃ ︽ᠪᠣᠳᠠᠰ ᠢᠶᠠᠷ ᠠᠪᠤᠷᠠᠨ ᠲᠤᠰᠠᠯᠠᠬᠤ + ᠦᠢᠯᠡᠴᠢᠯᠡᠭᠡᠨ ᠤ ᠪᠠᠲᠤᠯᠠᠭ᠎ᠠ + ᠬᠥᠭᠵᠢᠯᠲᠡ ᠶᠢ ᠬᠥᠲᠥᠯᠥᠨ ᠵᠢᠯᠤᠭᠤᠳᠬᠤ︾ ᠣᠯᠠᠨ ᠡᠰᠢᠲᠦ ᠠᠪᠤᠷᠠᠨ ᠲᠤᠰᠠᠯᠠᠬᠤ ᠵᠠᠭᠪᠤᠷ ᠢ ᠬᠦᠴᠦᠯᠡᠨ ᠪᠣᠶ ᠪᠣᠯᠭᠠᠵᠤ᠂  ᠲᠠᠷᠠᠬᠠᠢ ᠪᠤᠲᠠᠷᠬᠠᠢ ᠰᠠᠭᠤᠷᠢᠰᠢᠬᠤ ᠠᠰᠠᠷᠠᠨ ᠲᠡᠵᠢᠭᠡᠯᠭᠡᠬᠦ ᠣᠨᠴᠠ ᠬᠦᠴᠢᠷᠳᠡᠯᠲᠡᠢ ᠬᠥᠮᠥᠰ ᠲᠤ ᠣᠯᠠᠨ ᠲᠠᠰ ᠤᠨ᠂ ᠣᠯᠠᠨ ᠶᠠᠩᠵᠤ ᠶᠢᠨ ᠦᠢᠯᠡᠴᠢᠯᠡᠭᠡ ᠬᠠᠩᠭᠠᠨ᠎ᠠ᠃ ᠣᠶᠤᠨᠲᠤ ᠨᠠᠰᠤᠵᠢᠯ ᠤᠨ ᠠᠰᠠᠷᠠᠮᠵᠢ ᠶᠢᠨ ᠳᠠᠭᠤᠳᠠᠯᠲᠠ ᠶᠢᠨ ᠲᠥᠪ ᠤᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠮᠥᠴᠡ ᠳᠤ ᠨᠠᠰᠤᠲᠠᠶᠢᠴᠤᠳ ᠲᠤ ᠦᠢᠯᠡᠴᠢᠯᠡᠬᠦ ᠥᠢᠯᠡᠴᠢᠯᠡᠭᠡᠨ ᠤ ᠲᠣᠭᠤᠷᠢᠭ︾ ᠢ ᠢᠳᠡᠪᠬᠢᠲᠡᠢ ᠪᠠᠶᠢᠭᠤᠯᠤᠨ᠎ᠠ᠃ ᠴᠠᠯᠢᠩ  ᠤᠨ ᠥᠷᠢᠲᠦᠯ ᠢ ᠦᠨᠳᠦᠰᠦᠨ ᠠᠴᠠ ᠨᠢ ᠵᠠᠰᠠᠬᠤ ᠠᠵᠢᠯ ᠢ ᠴᠢᠩᠭ᠎ᠠ ᠠᠳᠬᠤᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠤᠯᠠᠨ᠎ᠠ᠃ ᠣᠷᠣᠰᠢᠭᠤᠯᠭ᠎ᠠ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠢᠮᠢᠨ ᠭᠤᠣᠯ ᠪᠠᠯᠭᠠᠰᠤᠨ ᠤ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢ ᠳᠡᠮᠵᠢᠵᠦ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠴᠡᠷᠢᠭ ᠤᠨ ᠬᠥᠮᠥᠨ ᠴᠡᠷᠢᠭ ᠤᠨ ᠭᠡᠷ ᠪᠦᠯᠢ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠪᠦᠬᠦ ᠤᠯᠤᠰ ᠤᠨ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠭᠡᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠠᠶᠢᠲᠤᠷ ᠡᠷᠬᠢᠯᠡᠵᠤ᠂ ᠨᠡᠶᠢᠭᠡᠮ ᠤᠨ ᠬᠥᠭᠵᠢᠯᠲᠡ ᠶᠢ ᠨᠡᠩ ︽ᠳᠤᠯᠠᠭᠠᠨ︾ ᠂ ᠠᠷᠠᠳ ᠤᠨ ᠠᠮᠢᠳᠤᠷᠠᠯ ᠤᠨ ᠬᠦᠷᠲᠡᠭᠡᠮᠵᠢ ᠶᠢ ᠨᠡᠩ ︽  ᠴᠢᠨᠰᠠᠭ᠎ᠠ︾  ᠲᠠᠢ ᠪᠣᠯᠭᠠᠬᠤ ᠪᠠᠷ ᠴᠢᠷᠮᠠᠶᠢᠨ᠎ᠠ᠃       ᠨᠡᠶᠢᠭᠡᠮ ᠤᠨ ᠦᠢᠯᠡᠰ ᠢ ᠨᠡᠩ ᠴᠢᠨᠠᠷᠯᠢᠭ ᠡᠷᠬᠡ ᠲᠡᠭᠰᠢ ᠪᠣᠯᠭᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠬᠠᠯᠠᠮᠵᠢᠯᠠᠬᠤ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠢᠨ᠎ᠡ ᠮᠠᠶ᠋ᠢᠭ ᠤᠨ ᠥᠭᠡᠷᠡᠴᠢᠯᠡᠯᠲᠡ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠰᠢᠨᠡᠭᠡᠨ ᠪᠠᠷᠠᠭᠤᠨ ᠰᠤᠮᠤᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠢᠮᠢᠨ ᠭᠤᠣᠯ ᠪᠠᠯᠭᠠᠰᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠦᠴᠦᠯᠡᠨ ᠣᠯᠬᠤ ᠪᠠᠷ ᠴᠢᠷᠮᠠᠶᠢᠨ᠂  ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠡᠷᠭᠢᠯᠡᠨ᠎ᠡ᠃ ᠠᠯᠪᠠᠨ ᠠᠴᠠ ᠡᠷᠭᠢᠯᠡᠭᠰᠡᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠠᠬᠢᠭᠤᠯᠤᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠢᠮᠢᠨ ᠬᠤᠪᠢᠶᠠᠷᠢ ᠬᠤᠷᠢᠶ᠎ᠠ ᠠᠯᠪᠠᠨ ᠤ ᠪᠠ ᠬᠤᠪᠢ ᠶᠢᠨ ᠬᠤᠷᠰᠢᠭᠰᠠᠨ ᠡᠵᠡᠩᠨᠡᠯᠲᠡ ᠶᠢᠨ ᠪᠠᠶᠢᠭᠤᠯᠤᠮᠵᠢ ᠶᠢᠨ ᠲᠤᠷᠰᠢᠯᠲᠠ ᠤᠨ ᠴᠢᠭ᠋ ᠢ ᠰᠦᠪᠡᠭᠴᠢᠯᠡᠨ ᠪᠠᠶᠢᠭᠤᠯᠬᠤ ᠶᠢ ᠳᠡᠮᠵᠢᠵᠦ᠂ ᠢᠮᠢᠨ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠦᠨᠳᠦ  ᠨᠣᠴᠢᠲᠠᠢ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠬᠡᠮᠵᠢᠶ᠎ᠡ ᠶᠢ ᠴᠢᠷᠮᠠᠶᠢᠨ ᠪᠠᠭᠤᠷᠠᠭᠤᠯᠤᠨ᠎ᠠ᠃ ︽ᠤᠮᠠᠷᠠᠲᠤ ᠶᠢᠨ ᠰᠣᠶᠣᠯ︾  ᠨᠡᠷᠡᠲᠦ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠣᠨᠴᠠᠯᠢᠭ ᠪᠦᠬᠦᠢ ᠤᠳᠬ᠎ᠠ ᠤᠷᠠᠯᠢᠭ ᠤᠨ ᠪᠦᠲᠦᠭᠡᠯ ᠢ ᠨᠡᠩ ᠤᠯᠠᠨ ᠡᠭᠦᠳᠦᠨ ᠪᠦᠲᠦᠭᠡᠵᠦ᠂ ᠤᠯᠠᠨ ᠲᠦᠮᠡᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ︽ᠠᠷᠪᠠᠨ ᠲᠠᠪᠤᠨ ᠮᠢᠨᠦ᠋ᠲ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠦᠷᠢᠶ᠎ᠡ︾ ᠶᠢᠨ ᠦᠢᠯᠡᠴᠢᠯᠡᠭᠡᠨ ᠤ ᠨᠤᠷᠮ᠎ᠠ ᠶᠢ ᠳᠡᠭᠡᠭᠰᠢᠯᠡᠭᠦᠯᠵᠦ᠂ ︽ᠨᠣᠮ ᠪᠢᠴᠢᠭ ᠤᠨ ᠶᠡᠭᠡ ᠴᠢᠭᠤᠯᠭᠠᠨ︾ ᠵᠡᠷᠭᠡ ᠠᠵᠢᠯᠯᠠᠭ᠎ᠠ ᠶᠢ ᠡᠷᠬᠢᠯᠡᠨ᠎ᠠ᠃ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠬᠠᠩᠭᠠᠯᠭ᠎ᠠ ᠪᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠨᠡᠭᠡᠭᠡᠯᠲᠡ ᠲᠠᠢ ᠪᠣᠯᠭᠠᠬᠤ ᠡᠷᠴᠢᠮ ᠢ ᠴᠢᠩᠭᠠᠷᠠᠭᠤᠯᠵᠤ᠂ ᠭᠤᠣᠯ ᠳᠠᠭᠠᠤ ᠶᠢᠨ ᠪᠡᠶ᠎ᠡ ᠶᠢᠨ ᠲᠠᠮᠢᠷ ᠤᠨ ᠴᠡᠴᠡᠷᠯᠢᠭ  ᠤᠨ ᠲᠥᠷᠥᠯ ᠵᠦᠢᠯ ᠢ ᠬᠡᠷᠡᠭᠵᠢᠭᠦᠯᠦᠨ᠂ ᠥᠪᠥᠷ ᠮᠣᠩᠭᠤᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠥᠪ ᠤᠨ ᠬᠠᠮᠢᠶᠠᠷᠤᠯᠲᠠ ᠶᠢᠨ ᠴᠢᠳᠠᠪᠤᠷᠢ ᠪᠠ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠶᠠᠪᠤᠭᠳᠠᠭᠤᠯᠤᠨ᠎ᠠ᠃       ᠨᠡᠶᠢᠭᠡᠮ ᠤᠨ ᠶᠡᠭᠡ ᠲᠠᠯ᠎ᠠ ᠶᠢ ᠠᠮᠤᠷ ᠲᠣᠭᠲᠠᠭᠤᠨ ᠪᠠᠶᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠥᠷᠢ ᠥᠭᠴᠢᠭᠡᠨ ᠤ ᠨᠡᠮᠡᠭᠳᠡᠯ ᠢ ᠡᠷᠡᠰ ᠬᠤᠷᠢᠭᠯᠠᠵᠤ᠂ ᠥᠯᠡᠳᠡᠭᠳᠡᠯ ᠥᠷᠢ ᠶᠢ ᠲᠦᠯᠦᠵᠦ᠂ ᠣᠨ ᠤ ᠳᠠᠯᠳᠠ ᠥᠷᠢ ᠥᠭᠴᠡᠭᠡ ᠶᠢ ᠲᠦᠯᠦᠬᠦ ᠪᠠ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠭᠰᠡᠨ ᠮᠠᠷᠭᠤᠭᠠᠨ ᠦᠭᠡᠢ ᠥᠷᠢ ᠶᠢᠨ ᠳᠠᠩᠰᠠ ᠶᠢ ᠲᠢᠭᠯᠡᠨ ᠴᠡᠪᠡᠷᠯᠡᠬᠦ ᠡᠭᠦᠷᠭᠡ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠡᠷᠡᠰᠳᠡᠯ ᠶᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠬᠤ  ᠬᠤᠷᠢᠶᠠᠬᠤ ᠰᠢᠢᠳᠪᠦᠷᠢᠯᠡᠬᠦ  ᠰᠢᠪᠲᠣᠯᠬᠤ ᠠᠵᠢᠯᠯᠠᠭᠠᠨ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ ᠴᠧᠩ ᠳᠠᠭᠠᠭᠠᠯᠲᠠ ᠶᠢᠨ ᠺᠣᠮᠫᠠᠨᠢ ᠶᠢᠨ ᠡᠷᠡᠰᠳᠡᠯ ᠢ ᠵᠤᠬᠢᠰᠲᠠᠢ ᠠᠷᠢᠯᠭᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠡᠷᠡᠰᠳᠡᠯ ᠦᠯᠦ ᠭᠠᠷᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ︽ᠲᠡᠭᠯᠡᠬᠦ ᠰᠡᠳᠭᠢᠯ ᠵᠦᠢ︾ ᠪᠠᠷ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ᠂ ︽ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠰᠢᠪᠲᠣᠯᠠᠯᠲᠠ︾  ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠨᠤᠴᠢᠳᠠᠢ ᠣᠰᠣᠯ ᠠᠳᠡᠯ ᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ  ᠬᠠᠮᠠᠭᠠᠯᠠᠨ᠎ᠠ᠃ ᠣᠶ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠰᠤᠨ ᠳᠤ ᠠᠳᠡᠬᠦ ᠠᠴᠠ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠵᠢᠪᠳᠡᠷᠡᠭᠡ ᠴᠢᠩᠨᠠᠬᠤ ᠦᠢᠯᠡᠳᠦᠯ ᠪᠠ ᠵᠥᠷᠢᠴᠡᠯ ᠢ ᠡᠶᠡᠳᠡᠭᠦᠯᠬᠦ ᠲᠥᠪ ᠤᠨ ᠣᠷᠢᠳᠠᠴᠠ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠲᠠᠯᠳᠠ ᠭᠡᠮ ᠢ ᠪᠠᠶᠢᠴᠠᠭᠠᠨ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠭᠡᠷ ᠣᠷᠣᠨ︾ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠪᠦᠬᠦ ᠤᠯᠤᠰ ᠤᠨ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠬᠤᠰᠢᠭᠤ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠭᠡᠨ ᠠᠬᠢᠭᠤᠯᠤᠨ᠎ᠠ᠃        ᠲᠥᠯᠥᠭᠡᠯᠡᠭᠴᠢᠳ ᠠ᠋᠂ ᠰᠢᠷᠭᠠᠭᠤ ᠠᠵᠢᠯᠯᠠᠭᠰᠠᠳ ᠤᠨ ᠢᠷᠠᠭᠤ ᠠᠯᠳᠠᠷ ᠴᠣᠯᠮᠣᠨ ᠣᠳᠣᠨ ᠠᠴᠠ ᠭᠡᠷᠡᠯᠲᠡᠢ ᠶᠤᠮ᠃ ᠪᠢᠳᠡ ᠴᠢᠭᠯᠡᠯ ᠢᠶᠠᠨ ᠡᠷᠡᠰ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠡᠭᠡᠵᠢ ᠲᠡᠨᠡᠶᠢᠨ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠲᠡᠮᠡᠴᠡᠳᠡᠭ ᠯᠡ ᠶᠤᠮ ᠪᠣᠯ ᠯᠠᠪᠳᠠᠶ᠎ᠠ ᠡᠯ᠎ᠡ ᠲᠦᠷᠦᠯ ᠤᠨ ᠠᠵᠢᠯ  ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠦᠨᠳᠦᠷ  ᠶᠠᠰᠣ ᠴᠢᠨᠠᠷᠯᠢᠭ ᠠᠮᠢᠳᠤᠷᠠᠯ ᠢ ᠡᠭᠦᠳᠦᠨ ᠪᠦᠲᠦᠭᠡᠵᠦ ᠴᠢᠳᠠᠬᠤ ᠶᠤᠮ︕
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ