ᠭᠤᠷᠪᠠ᠂ ᠠᠷᠠᠳ ᠲᠦᠮᠡᠨ ᠤ ᠰᠡᠳᠬᠢᠯ ᠳᠤ ᠬᠦᠷᠬᠦ ᠵᠠᠰᠠᠭ ᠤᠨ ᠣᠷᠳᠣᠨ ᠢ ᠪᠠᠶᠢᠭᠤᠯᠤᠨ᠎ᠠ | ᠰᠢᠨ᠎ᠡ ᠴᠠᠭ ᠦᠶ᠎ᠡ ᠳᠤ ᠵᠢᠳᠭᠦᠯ ᠦᠵᠡᠭᠦᠯᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠣᠷᠣᠭᠰᠢᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ | ᠴᠢᠳᠠᠪᠤᠷᠢ ᠳᠤ ᠨᠠᠩ ᠥᠨᠳᠥᠷ ᠨᠡᠩ ᠰᠢᠨ᠎ᠡ ᠱᠠᠭᠠᠷᠳᠠᠯᠭ᠎ᠠ ᠳᠣᠷᠠᠳᠣᠨ᠂ ᠪᠢᠳᠡ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠰᠡᠷᠳᠡᠯ ᠦᠭᠡᠢ ᠪᠠᠷ | ᠡᠭᠦᠷᠭᠡ ᠬᠠᠷᠢᠭᠤᠴᠠᠯᠭ᠎ᠠ ᠡᠭᠦᠷᠭᠡᠯᠡᠨ ᠵᠣᠷᠢᠭ ᠪᠠᠨ ᠬᠦᠪᠴᠢᠯᠡᠵᠦ᠂ ᠪᠣᠳᠠᠲᠠᠢ ᠠᠵᠢᠯᠯᠠᠬᠤ ᠥᠨᠳᠦᠰᠦᠨ ᠴᠢᠨᠠᠷ ᠢᠶᠠᠨ ᠭᠢᠯᠠᠷᠠᠭᠤᠯᠵᠤ᠂ ᠠᠷᠠᠳ ᠲᠦᠮᠡᠨ ᠤ | ᠰᠡᠳᠬᠢᠯ ᠳᠤ ᠬᠦᠷᠬᠦ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠤᠨ᠎ᠠ᠃ | ︵ᠨᠢᠭᠡ︶ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ | ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠢᠮᠠᠭᠲᠠ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ | ᠪᠠᠷᠢᠮᠲᠠᠯᠠᠨ᠎ᠠ ᠃ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠢᠮᠠᠭᠲᠠ ᠬᠠᠮᠤᠭ ᠤᠨ ᠶᠡᠭᠡ ᠤᠯᠤᠰ ᠲᠥᠷᠥ᠂ ᠬᠠᠮᠤᠭ ᠤᠨ ᠶᠡᠭᠡ ᠲᠠᠯ᠎ᠠ ᠪᠣᠯᠭᠠᠵᠤ᠂ ᠨᠠᠮ ᠪᠠ ᠠᠷᠠᠳ ᠲᠦᠮᠡᠨ ᠤ ᠦᠢᠯᠡᠰ ᠲᠤ ᠲᠤᠶᠢᠯ ᠤᠨ ᠦᠨᠡᠨᠴᠢ | ᠰᠢᠳᠤᠷᠭᠤ ᠪᠠᠨ ᠭᠦᠢᠴᠡᠳᠭᠡᠬᠦ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠦᠨᠡᠨᠬᠦ ᠲᠤᠤᠱᠯᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠶᠢ ᠠᠬᠢᠭᠤᠯᠤᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ 《ᠨᠠᠢᠮᠠᠳᠤᠭᠠᠷ ᠲᠠᠪᠤᠨ ᠵᠢᠯ ᠤᠨ ᠲᠦᠯᠦᠪᠵᠢᠭᠦᠯᠭᠡ》 ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ | ᠥᠷᠨᠢᠭᠦᠯᠵᠦ᠂ ᠤᠶᠠᠨ ᠬᠠᠳᠠᠨ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠠᠷᠠᠳᠴᠢᠯᠠᠯᠲᠣ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ | ᠵᠢᠷᠤᠮᠵᠢᠭᠤᠯᠤᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠳᠡᠭᠡᠷ᠎ᠡ | ᠠᠵᠢᠯᠯᠠᠭᠤᠯᠬᠤ ᠶᠢ ᠪᠠᠲᠣᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠭᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ | ᠬᠢᠨᠠᠯᠲᠠ ᠲᠠᠯᠪᠢᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠡᠯ᠎ᠡ | ᠠᠷᠠᠳ ᠤᠨ ᠪᠦᠯᠬᠦᠮ ᠤᠨ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ | ︵ᠭᠤᠷᠪᠠ︶ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠨ᠎ᠠ᠃ ᠭᠦᠢᠴᠡᠳᠬᠡᠬᠦ ᠬᠦᠴᠦᠨ ᠪᠣᠯ ᠵᠠᠰᠠᠭ ᠤᠨ ᠣᠷᠳᠣᠨ ᠤ ᠠᠵᠢᠯ ᠤᠨ | ᠠᠮᠢᠵᠢᠷᠠᠯ ᠤᠨ ᠬᠦᠴᠦᠨ ᠮᠥᠨ᠂ ᠡᠷᠬᠡᠪᠰᠢ ᠨᠠᠶᠢᠳᠠᠪᠤᠷᠢᠵᠢᠭᠤᠯᠤᠯᠲᠠ ᠶᠢ ᠭᠤᠶᠢᠪᠠᠰᠢ ᠦᠭᠡᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠰᠢᠭᠤᠷᠬᠠᠢ ᠠᠳᠬᠤᠬᠤ᠂ | ᠨᠠᠶᠢᠳᠠᠪᠤᠷᠢᠵᠢᠭᠤᠯᠤᠯᠲᠠ ᠶᠢ ᠠᠵᠢᠯ ᠬᠡᠷᠡᠭᠴᠢᠯᠡᠨ ᠠᠳᠬᠤᠬᠤ᠂ ᠨᠠᠶᠢᠳᠠᠪᠤᠷᠢᠵᠢᠭᠤᠯᠤᠯᠲᠠ ᠶᠢ ᠴᠢᠳᠠᠮᠠᠭᠠᠢ ᠵᠤᠷᠢᠮᠠᠭ ᠢᠶᠠᠷ ᠠᠳᠬᠤᠨ᠎ᠠ᠃ ᠪᠢᠳᠡ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠱᠠᠭᠠᠷᠳᠠᠯᠭ᠎ᠠ ᠶᠢ ᠥᠢᠯᠡᠳᠦᠯᠭᠡᠵᠢᠭᠦᠯᠵᠦ ᠂ ᠦᠷ᠎ᠡ ᠪᠦᠲᠦᠭᠡᠯ ᠤᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ | ᠴᠢᠩᠭᠠᠳᠬᠠᠵᠤ᠂ ︽ᠰᠢᠢᠳᠪᠦᠷᠢᠯᠡᠬᠦ ᠰᠡᠳᠬᠢᠬᠦᠢ︾ ᠶᠢ ᠪᠤᠢ ᠪᠣᠯᠭᠠᠵᠤ᠂ ᠪᠦᠬᠦ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠡᠭᠡᠷ᠎ᠡ | ᠲᠠᠯᠪᠢᠵᠤ᠂ ︽ᠲᠡᠷᠡ ᠳᠠᠷᠣᠢ ᠭᠦᠢᠴᠡᠳᠬᠡᠬᠦ᠂ ᠦᠨᠡᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠢ ᠪᠠᠳᠠᠷᠠᠭᠤᠯᠵᠤ᠂ ︽ᠤᠳᠠᠭᠠᠨ︾᠂ ︽ᠬᠠᠰᠢ ᠶᠠᠰᠢ︾᠂ ︽ | ᠬᠡᠶᠢᠰᠪᠦᠷᠢ︾ ᠨᠠᠵᠠᠭᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠴᠢᠩ ᠥᠨᠡᠨ ᠰᠡᠳᠬᠢᠯᠭᠡ ᠪᠠᠷ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠵᠤᠬᠢᠰᠲᠠᠢ ᠬᠢᠬᠦ ᠶᠢ | ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ | ᠪᠠᠲᠤᠯᠠᠭ᠎ᠠ ᠲᠠᠢ᠂ ᠨᠡᠩ ᠲᠤᠭᠲᠠᠪᠣᠷᠢᠲᠠᠢ ᠪᠣᠯᠭᠠᠨ᠎ᠠ᠃ | ︵ᠳᠥᠷᠪᠡ︶ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠶᠢ ᠪᠠᠷᠢᠮᠲᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠲᠣᠭᠤᠷᠢᠨ ᠪᠠᠶᠢᠴᠠᠭᠠᠬᠤ᠂ | ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠲᠠᠯ᠎ᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠣᠷ ᠬᠢᠵᠦ᠂ ᠠᠶᠤᠯᠭᠦᠢ | ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ᠂ ᠤᠯᠤᠰ ᠤᠨ ᠥᠮᠴᠢᠯᠡᠯᠲᠥ ᠡᠳ᠋ ᠬᠥᠷᠥᠩᠭᠡ᠂ ᠤᠯᠤᠰ ᠤᠨ ᠥᠮᠴᠢᠯᠡᠯᠲᠥ ᠠᠵᠤ ᠠᠬᠤᠶᠢᠯᠠᠯ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ | ᠬᠠᠮᠢᠶᠠᠷᠤᠯᠲᠠ ᠶᠢᠨ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠢᠯᠵᠠᠷᠠᠯ ᠢ | ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠰᠠᠶᠢᠵᠢᠷᠠᠭᠤᠯᠣᠨ᠎ᠠ ᠃ | ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ︽ᠠᠷᠪᠢᠯᠠᠨ ᠭᠠᠮᠨᠠᠬᠤ︾ ᠳᠤ ᠳᠠᠳᠴᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ | ᠢ ᠰᠡᠷᠭᠡᠶᠢᠯᠡᠬᠦ ᠪᠠ ᠵᠠᠯᠠᠷᠠᠭᠤᠯᠵᠤ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠤ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ | ᠲᠥᠯᠥᠭᠡᠯᠡᠭᠴᠢᠳ ᠠ᠋᠂ ᠰᠢᠨ᠎ᠡ ᠨᠢᠭᠡ ᠵᠢᠯ ᠳᠤ᠂ ᠪᠢᠳᠡ ᠦᠷᠭᠦᠯᠵᠢᠯᠡᠨ ᠡᠷᠡᠯᠬᠡᠭᠯᠡᠨ ᠲᠡᠮᠡᠴᠡᠨ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠤ | ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠬᠥᠭᠵᠢᠯᠲᠡ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠡᠷᠴᠢ ᠵᠣᠷᠢᠭ ᠢᠶᠠᠨ ᠬᠦᠪᠴᠢᠯᠡᠨ | ᠤᠷᠤᠭᠰᠢᠯᠠᠯᠲᠠ ᠶᠢᠨ ᠬᠦᠴᠦᠨ ᠢᠶᠠᠨ ᠨᠢᠭᠲᠠᠷᠠᠭᠤᠯᠤᠶ᠎ᠠ᠃ ᠪᠢᠳᠡ ᠰᠢ ᠶᠢᠨ ᠫᠢᠩ ᠨᠥᠬᠦᠷ ᠢᠶᠠᠷ ᠲᠦᠪ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠥᠷᠭᠡᠨ ᠪᠣᠯᠣᠮᠵᠢ ᠶᠢ | ᠨᠡᠭᠡᠭᠡᠨ ᠤᠷᠤᠭᠰᠢᠯᠠᠵᠤ᠂ ᠪᠣᠳᠠᠲᠠᠢ ᠶᠢ ᠡᠷᠬᠢᠮᠯᠡᠨ ᠬᠠᠲᠠᠭᠤᠵᠢᠯᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | ᠨᠡᠷ᠎ᠡ ᠦᠭᠡ ᠶᠢᠨ ᠲᠠᠶᠢᠯᠪᠤᠷᠢ | 1. ︽ᠲᠠᠪᠤᠨ ᠶᠡᠭᠡ ᠡᠭᠦᠷᠭᠡ︾᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢᠨ ᠡᠭᠦᠷᠭᠡ ᠶᠢ ᠵᠢᠭᠠᠵᠤ ᠪᠤᠢ᠂ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ᠂ ᠤᠯᠤᠰ ᠤᠨ | ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠭᠠᠨ | ᠪᠦᠲᠦᠭᠡᠨ ᠪᠠᠶᠢᠭᠤᠯᠤᠨ᠎ᠠ᠃ | 2. ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠄ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ | ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ | ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠨᠡᠮᠡᠭᠳᠡᠴᠡ ᠶᠢ ᠨᠡᠮᠡᠭᠳᠡᠭᠦᠯᠦᠨ ᠶᠠᠰᠤ ᠴᠢᠨᠠᠷ ᠢ ᠨᠡᠮᠡᠭᠳᠡᠭᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ | ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠢ ᠠᠮᠵᠢᠨ ᠬᠥᠭᠵᠢᠭᠦᠯᠬᠦ | ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠪᠦᠲᠦᠭᠡᠵᠦ ᠰᠢᠯᠢᠳᠡᠭ ᠢ ᠡᠭᠦᠳᠬᠦ ᠬᠥᠭᠵᠢᠯᠲᠡ ᠶᠢᠨ ᠠᠵᠢᠯᠯᠠᠭᠠᠨ ᠤ | ᠲᠥᠯᠥᠪᠯᠡᠭᠡ ᠶᠢ ᠵᠢᠭᠠᠵᠤ ᠪᠣᠶ᠃ | 3. ︽ᠵᠢᠷᠭᠤᠭᠠᠨ ᠵᠢᠱᠢᠶ᠎ᠡ ᠦᠵᠡᠭᠦᠯᠬᠦ ᠣᠷᠣᠨ︾᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢ ᠴᠢᠬᠤᠯᠠ ᠡᠨᠧᠷᠭᠢ ᠶᠢᠨ ᠡᠬᠢ ᠪᠠᠶᠠᠯᠢᠭ ᠤᠨ | ᠪᠠᠶᠢᠯᠳᠤᠬᠤ ᠪᠣᠳᠣᠯᠭ᠎ᠠ ᠶᠢᠨ ᠨᠥᠭᠡᠴᠡ ᠶᠢᠨ ᠵᠢᠱᠢᠶ᠎ᠡ ᠦᠵᠡᠭᠦᠯᠬᠦ ᠣᠷᠣᠨ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠵᠢᠱᠢᠶ᠎ᠡ ᠦᠵᠡᠭᠦᠯᠬᠦ ᠣᠷᠣᠨ᠂ ᠠᠮᠢ ᠠᠬᠤᠢ ᠶᠢᠨ ᠡᠬᠢ ᠪᠠᠶᠠᠯᠢᠭ ᠬᠢᠭᠡᠳ ᠦᠨᠳᠦᠰᠦᠲᠡᠨ ᠤ ᠰᠣᠶᠣᠯ ᠢ ᠠᠭᠤᠰᠤᠯᠴᠠᠭᠤᠯᠤᠭᠰᠠᠨ | ᠴᠢᠨᠠᠷ ᠰᠠᠶᠢᠲᠠᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠦᠷᠭᠦᠯᠵᠢᠯᠡᠬᠦ ᠬᠥᠭᠵᠢᠯᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠥᠯᠥᠨ ᠪᠤᠶᠢᠷ ᠤᠨ ᠲᠥᠪ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ | ᠦᠢᠯᠡᠰ ᠲᠤ ᠲᠣᠬᠢᠷᠠᠮᠵᠢᠲᠠᠢ ᠵᠢᠱᠢᠶ᠎ᠡ ᠦᠵᠡᠭᠦᠯᠬᠦ ᠣᠷᠣᠨ᠂ ᠦᠨᠳᠦᠰᠦᠲᠡᠨ ᠤ ᠪᠦᠯᠬᠦᠮᠳᠡᠯ ᠪᠠ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠭᠡᠷ ᠣᠷᠣᠨ ᠤ | ᠵᠢᠱᠢᠶ᠎ᠡ ᠦᠵᠡᠭᠦᠯᠬᠦ ᠣᠷᠣᠨ ᠪᠣᠯᠭᠠᠨ ᠪᠠᠶᠢᠭᠤᠯᠬᠤ᠃ | 4. ︽ᠳᠥᠷᠪᠡ ᠶᠢ ᠳᠡᠭᠡᠭᠰᠢᠯᠡᠭᠦᠯᠵᠦ ᠳᠥᠷᠪᠡ ᠶᠢ ᠰᠢᠪᠲᠤᠯᠬᠤ︾᠄ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ | ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ᠂ ᠠᠵᠤ ᠠᠬᠤᠢ ᠶᠢᠨ ᠨᠡᠮᠡᠭᠳᠡᠯ ᠤᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢᠨ ᠠᠵᠢᠯᠯᠠᠭᠠᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠴᠢᠷᠮᠠᠶᠢᠨ | ᠪᠡᠶᠡᠯᠡᠭᠦᠯᠦᠨ᠎ᠡ︔ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠳᠠᠪᠤᠷᠢ ᠶᠢᠨ ᠠᠰᠢᠭᠯᠠᠮᠵᠢ ᠶᠢᠨ ᠠᠵᠢᠯᠯᠠᠭ᠎ᠠ ᠶᠢ ᠳᠡᠭᠡᠭᠰᠢᠯᠡᠭᠦᠯᠵᠦ᠂ ᠬᠥᠭᠵᠢᠯᠲᠡ ᠶᠢᠨ | ᠴᠢᠳᠠᠪᠤᠷᠢ ᠶᠢᠨ ᠳᠡᠰ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ︔ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ︔ | ᠡᠶ᠎ᠡ ᠵᠣᠬᠢᠴᠠᠩᠭᠤᠢ ᠲᠣᠭᠲᠠᠭᠤᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠭᠵᠢᠯᠲᠡ ᠶᠢᠨ ᠪᠣᠳᠠᠲᠤ ᠦᠷ᠎ᠡ | ᠪᠦᠲᠦᠮᠵᠢ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ | 5. ᠵᠢᠷᠭᠤᠭᠠᠨ ᠶᠡᠭᠡ ᠳᠠᠶᠢᠯᠠᠯᠳᠤᠭᠠᠨ᠄ ᠰᠠᠭᠤᠷᠢ ᠶᠢ ᠪᠠᠬᠢᠵᠢᠭᠦᠯᠦᠨ ᠬᠦᠴᠦᠨ ᠢᠶᠠᠨ ᠡᠷᠴᠢᠮᠵᠢᠭᠦᠯᠵᠦ ᠦᠷ᠎ᠡ ᠠᠰᠢᠭ ᠢ ᠨᠡᠮᠡᠭᠳᠡᠭᠦᠯᠦᠨ ᠰᠢᠪᠲᠣᠯᠬᠤ | ᠳᠠᠶᠢᠯᠠᠯᠳᠤᠭᠠᠨ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭᠴᠢᠯᠡᠨ ᠤᠷᠤᠭᠰᠢᠯᠠᠬᠤ ᠰᠠᠨᠠᠭᠠᠴᠢᠯᠠᠭᠠᠲᠤ ᠳᠠᠶᠢᠯᠠᠯᠳᠤᠭᠠᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠪᠦᠰᠡᠯᠡᠯᠲᠡ ᠶᠢ ᠰᠢᠪᠲᠤᠯᠬᠤ ᠳᠠᠶᠢᠯᠠᠯᠳᠤᠭᠠᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠦᠬᠦᠯᠢ ᠴᠣᠭᠴᠠ ᠶᠢᠨ ᠳᠠᠶᠢᠯᠠᠯᠳᠤᠭᠠᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠠᠮᠠᠭᠠᠯᠠᠬᠤ | ᠳᠠᠶᠢᠯᠠᠯᠳᠤᠭᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠵᠢᠭᠠᠵᠤ ᠪᠠᠶᠢᠨ᠎ᠠ᠃ | 6. ︽ᠭᠤᠷᠪᠠᠨ ᠣᠷᠣᠨ ᠭᠤᠷᠪᠠᠨ ᠱᠤᠭᠤᠮ︾᠄ ᠳᠤᠮᠳᠠᠳᠤ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠩᠭᠢᠯᠠᠯ ᠢ ᠦᠨᠳᠦᠰᠦᠯᠡᠨ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠤᠳᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠭᠡᠵᠦ | ᠭᠤᠷᠪᠠᠨ ᠶᠡᠭᠡ ᠲᠦᠷᠦᠯ ᠳᠤ ᠬᠤᠪᠢᠶᠠᠭᠰᠠᠨ ᠪᠥᠭᠡᠳ ᠡᠨᠡ ᠭᠤᠷᠪᠠᠨ ᠶᠡᠭᠡ ᠣᠷᠣᠨ ᠵᠠᠢ ᠶᠢᠨ ᠳᠣᠲᠣᠭᠠᠳᠤ ᠳᠤ ᠵᠣᠬᠢᠴᠠᠩᠭᠤᠢ ᠪᠠᠷ ᠬᠢᠵᠠᠭᠠᠷᠯᠠᠬᠤ ᠱᠤᠭᠤᠮ ᠢ | ᠵᠠᠭᠠᠭᠯᠠᠨ ᠲᠣᠭᠲᠠᠭᠠᠭᠰᠠᠨ ᠢ ᠵᠢᠭᠠᠵᠤ ᠪᠠᠶᠢᠨ᠎ᠠ᠃ | 7. ︽ᠭᠤᠷᠪᠠᠨ ᠤᠮᠠᠷᠠᠲᠤ ᠣᠷᠣᠨ︾ ᠶᠢᠨ ᠢᠨᠵᠧᠨᠧᠷᠢᠩ᠄ ᠳᠤᠮᠳᠠᠳᠤ ᠤᠯᠤᠰ ᠤᠨ ᠭᠤᠷᠪᠠᠨ ᠤᠮᠠᠷᠠᠲᠤ ᠶᠢᠨ ᠣᠷᠣᠨ ︵ᠪᠠᠷᠠᠭᠤᠨ ᠬᠤᠶᠢᠲᠤ ᠣᠷᠣᠨ᠂ ᠤᠮᠠᠷᠠᠲᠤ | ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠬᠥᠮᠥᠨ ᠤ ᠬᠦᠴᠦᠨ ᠤ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ | ᠬᠡᠯᠡᠵᠦ ᠪᠠᠶᠢᠨ᠎ᠠ᠃ | 8. ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠬᠡᠮᠵᠢᠭᠳᠡᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ︿1+N﹀ ᠰᠢᠷᠢᠰ | ᠲᠥᠷᠥ ᠶᠢᠨ ᠪᠣᠳᠣᠯᠭ᠎ᠠ︾᠄ ︽1︾ ᠭᠡᠳᠡᠭ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠢᠯᠤᠭᠤᠳᠬᠤ ᠰᠠᠨᠠᠯ ᠢ ᠵᠢᠭᠠᠵᠤ ᠪᠣᠶ᠂ ︽N | ︾ ᠳᠤ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯᠯᠠᠭ᠎ᠠ ᠶᠢᠨ ᠲᠥᠰᠥᠯ ᠵᠢᠴᠢ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠪᠠ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠵᠢᠯᠯᠠᠭ᠎ᠠ ᠶᠢ ᠪᠠᠭᠲᠠᠭᠠᠨ᠎ᠠ᠃ | 9. ︽ᠬᠤᠶᠠᠷ ᠥᠨᠳᠥᠷ ᠨᠢᠭᠡ ᠳᠣᠣᠷ᠎ᠠ︾ ᠶᠢᠨ ᠲᠥᠷᠥᠯ ᠵᠦᠢᠯ᠄ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠬᠢᠷᠢ | ᠬᠡᠮᠵᠢᠶ᠎ᠡ ᠪᠠᠷ ᠳᠣᠣᠷ᠎ᠠ ᠲᠥᠷᠥᠯ ᠵᠦᠢᠯ ᠢ ᠵᠢᠭᠠᠵᠤ ᠪᠣᠶ᠃ | 10. ︽CCER︾᠄ ᠤᠯᠤᠰ ᠠᠴᠠ ᠰᠠᠶᠢᠨ ᠳᠤᠷ᠎ᠠ ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠤᠯᠲᠠ ᠶᠢ ᠪᠠᠭᠠᠰᠬᠠᠬᠤ ᠬᠢᠨᠠᠨ ᠰᠢᠯᠭᠠᠯᠲᠠ ᠶᠢ ᠵᠢᠭᠠᠵᠤ | ᠪᠠᠶᠢᠨ᠎ᠠ᠂ ᠲᠤᠬᠠᠶᠢᠯᠠᠪᠠᠯ ᠳᠤᠮᠳᠠᠳᠤ ᠤᠯᠤᠰ ᠤᠨ ᠮᠡᠳᠡᠷᠡᠨ ᠵᠦᠪᠰᠢᠶᠡᠷᠡᠭᠰᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠭᠠᠰᠬᠠᠯᠲᠠ ᠶᠢᠨ ᠬᠡᠮᠵᠢᠶ᠎ᠡ ᠶᠢ ᠵᠢᠭᠠᠵᠤ | ᠪᠠᠶᠢᠨ᠎ᠠ᠃ | 11. ︽ᠬᠥᠳᠡᠭᠡ ᠲᠣᠰᠬᠤᠨ ᠤ ᠲᠦᠷᠪᠡᠨ ᠰᠠᠶᠢᠨ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠵᠠᠰᠠᠵᠤ᠂ ᠰᠠᠶᠢᠲᠤᠷ ᠬᠠᠮᠢᠶᠠᠷᠴᠤ᠂ ᠰᠠᠶᠢᠲᠤᠷ | ᠬᠠᠮᠠᠭᠠᠯᠠᠵᠤ᠂ ᠰᠠᠶᠢᠲᠤᠷ ᠡᠵᠡᠩᠨᠡᠬᠦ ᠶᠢ ᠵᠢᠭᠠᠵᠤ ᠪᠠᠶᠢᠨ᠎ᠠ᠃ | 12 . ᠰᠢᠨ᠎ᠡ ᠴᠠᠭ ᠦᠶ᠎ᠡ ᠶᠢᠨ︽ᠹᠧᠩᠴᠢᠶᠣᠣ ᠶᠢᠨ ᠲᠤᠷᠰᠢᠯᠭ᠎ᠠ︾᠄ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ ᠲᠤᠤᠱᠯᠠᠭᠤᠯᠵᠤ᠂ ᠨᠠᠮ ᠤᠨ | ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠢ ᠭᠦᠢᠴᠡᠳ ᠳᠠᠶᠢᠴᠢᠯᠠᠨ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ | ᠲᠦᠮᠡᠨ ᠤ ᠥᠪᠡᠷ ᠤᠨ ᠬᠢᠨᠢ ᠤᠴᠢᠷ ᠶᠠᠪᠤᠳᠠᠯ ᠢ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ | ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠵᠢᠭᠠᠨ᠎ᠠ᠃ | 13. ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠭᠡᠷ ᠣᠷᠣᠨ᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠦᠰᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠣᠰ ᠵᠠᠭᠤᠨ ᠤ ᠵᠢᠱᠢᠶ᠎ᠡ ᠦᠵᠡᠭᠦᠯᠬᠦ | ᠪᠦᠰᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ᠂ ᠣᠷᠣᠨ | ᠨᠤᠲᠤᠭ ᠠᠵᠤ ᠠᠬᠤᠶᠢᠯᠠᠯ ᠬᠤᠯᠪᠤᠭᠠᠯᠠᠨ ᠪᠠᠶᠢᠭᠤᠯᠵᠤ ᠬᠠᠮᠲᠤ ᠪᠠᠷ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠢᠶᠠᠷ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ | ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠣᠶ︔ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢ ᠴᠣᠭᠴᠠᠯᠠᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ | ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠃ ︽ᠨᠢᠭᠡ ᠭᠡᠷ ᠣᠷᠣᠨ︾ ᠭᠡᠳᠡᠭ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠭᠰᠠᠨ ᠵᠣᠯ ᠵᠢᠷᠭᠠᠯᠲᠤ ᠡᠶ᠎ᠡ ᠵᠣᠬᠢᠴᠠᠯ ᠲᠠᠢ ᠭᠡᠷ ᠣᠷᠣᠨ ᠢ ᠪᠠᠶᠢᠭᠤᠯᠬᠤ ᠶᠢ ᠵᠢᠭᠠᠵᠤ ᠪᠠᠶᠢᠨ᠎ᠠ᠃ | 14. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠣᠬᠠᠭᠤᠯᠬᠤ ᠶᠢ ᠦᠨᠳᠦᠰᠦᠨ | ᠱᠠᠲᠤᠨ ᠳᠤ ᠣᠴᠢᠭᠤᠯᠬᠤ᠂ ᠪᠠᠶᠢᠴᠠᠭᠠᠨ ᠰᠤᠳᠤᠯᠤᠯᠲᠠ ᠬᠢᠬᠦ ᠶᠢ ᠦᠨᠳᠦᠰᠦᠨ ᠱᠠᠲᠤᠨ ᠳᠤ ᠣᠴᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ | ᠠᠵᠢᠯ ᠢ ᠦᠨᠳᠦᠰᠦᠨ ᠱᠠᠲᠤᠨ ᠳᠤ ᠣᠴᠢᠭᠤᠯᠬᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠦᠨᠳᠦᠰᠦᠨ ᠱᠠᠲᠤᠨ ᠳᠤ ᠣᠴᠢᠭᠤᠯᠬᠤ ᠶᠢ ᠵᠢᠭᠠᠵᠤ ᠪᠠᠶᠢᠨ᠎ᠠ᠃ | 15. ᠰᠢᠤᠸᠠᠢ ᠯᠢᠶᠠᠩ ᠢᠨᠵᠧᠨᠧᠷᠢᠩ᠄ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ | ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ | ᠨᠡᠶᠢᠲᠡ ᠶᠢᠨ ᠠᠮᠤᠷ ᠲᠦᠪᠰᠢᠨ ᠤ ᠸᠢᠳᠢᠣ᠋ ᠬᠢᠨᠠᠨ ᠡᠵᠡᠮᠳᠡᠬᠦ ᠰᠦᠯᠵᠢᠶᠡᠵᠢᠭᠦᠯᠦᠨ ᠬᠡᠷᠡᠭᠯᠡᠬᠦ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠴᠢᠨᠠᠷᠲᠠᠢ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠵᠢᠭᠠᠵᠤ ᠪᠣᠶ᠃ | 16. ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠢ ᠢᠯᠡᠷᠡᠬᠦ ᠬᠡᠯᠪᠡᠷᠢ ᠶᠢ ᠵᠢᠭᠠᠵᠤ ᠪᠠᠶᠢᠨ᠎ᠠ᠂ ︽ᠭᠤᠷᠪᠠᠨ ᠤᠯᠠᠨ︾ ᠭᠡᠳᠡᠭ ᠨᠢ ᠬᠤᠷᠠᠯ | ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ | ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠨᠢ ᠤᠳᠠᠭᠠᠨ ᠢ ᠬᠡᠯᠡᠵᠦ ᠪᠠᠶᠢᠨ᠎ᠠ᠃ | 17.︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠢ ᠵᠢᠭᠠᠵᠤ ᠪᠣᠶ᠃ ︽ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠮᠦᠷᠲᠡᠭᠡᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ᠬᠠᠮᠢᠶᠠᠷᠬᠤ︾ ᠭᠡᠳᠡᠭ ᠨᠢ ᠳᠠᠷᠤᠢ | ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ᠃ ︽ᠦᠢᠯᠡᠴᠢᠯᠡᠬᠦ︾ | ᠭᠡᠳᠡᠭ ᠨᠢ ᠳᠠᠷᠤᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠬᠤ ᠶᠢ ᠬᠡᠯᠡᠨ᠎ᠡ᠃ | | |