ᠥᠪᠥᠷ ᠮᠣᠩᠭᠤᠯ ᠤᠨ ᠤᠯᠠᠭᠠᠨᠬᠠᠳᠠ ᠬᠤᠳᠠ ᠶᠢᠨ ᠵᠡᠭᠦᠨ ᠡᠮᠦᠨᠡᠲᠦ ᠬᠡᠰᠡᠭ ᠤᠨ ᠠᠤᠬᠠᠨ ᠬᠤᠰᠢᠭᠤᠨ ᠳᠤ᠂ ᠨᠢᠭᠡᠨ ᠪᠦᠷᠢᠨ ᠪᠦᠲᠦᠨ ᠬᠠᠳᠠᠭᠠᠯᠠᠭᠳᠠᠭᠰᠠᠨ | ᠬᠤᠨᠭ᠍ᠱᠠᠨ ᠰᠣᠶᠣᠯ ᠤᠨ ᠰᠡᠭᠦᠯᠴᠢ ᠶᠢᠨ ᠬᠤᠭᠤᠴᠠᠭᠠᠨ ᠤ ᠴᠢᠯᠠᠭᠤᠨ ᠪᠤᠯᠠᠰᠢ ᠶᠢᠨ ᠨᠢᠭᠤᠴᠠᠭᠠᠢ ᠨᠢᠭᠤᠷ ᠤᠨ ᠱᠠ ᠶᠢ ᠰᠡᠬᠦᠪᠡ | - 9 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠭᠦᠭᠡᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠬᠤᠩᠱᠠᠨ ᠤ ᠰᠣᠶᠣᠯ ᠤᠨ ᠬᠠᠭᠤᠴᠢ ᠰᠤᠳᠤᠯᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠨᠡᠶᠢᠲᠡᠯᠡᠪᠡ᠃ | - 2024 ᠣᠨ ᠤ 4 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ | ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠪᠦᠯᠭᠦᠮ ᠠᠴᠠ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠳᠤ 4 ᠰᠠᠷ᠎ᠠ ᠶᠢᠨ ᠬᠤᠭᠤᠴᠠᠭ᠎ᠠ ᠲᠠᠢ | ᠬᠠᠭᠤᠴᠢ ᠰᠤᠳᠤᠯᠤᠯ ᠤᠨ ᠪᠠᠶᠢᠴᠠᠭᠠᠯᠲᠠ ᠬᠢᠵᠡᠢ᠃ | ᠬᠠᠭᠤᠴᠢ ᠰᠤᠳᠤᠯᠤᠯ ᠤᠨ ᠪᠦᠯᠭᠦᠮ ᠤᠨ ᠬᠢᠨ ᠠᠤᠬᠠᠨ ᠬᠤᠰᠢᠭᠤᠨ ᠳᠤ ᠬᠤᠨᠭ᠍ᠱᠠᠨ ᠰᠣᠶᠣᠯ ᠤᠨ ᠰᠡᠭᠦᠯᠴᠢ ᠶᠢᠨ ᠦᠶ᠎ᠡ ᠶᠢᠨ ᠴᠢᠯᠠᠭᠤᠨ ᠪᠤᠯᠠᠰᠢ ᠶᠢ | ᠪᠦᠷᠢᠨ ᠭᠦᠢᠴᠡᠳ ᠢᠯᠡᠷᠡᠭᠦᠯᠵᠦ᠂ ᠨᠢᠭᠡ ᠯᠡ ᠤᠳᠠᠭ᠎ᠠ ᠳᠤ ᠵᠠᠭᠤ ᠭᠠᠷᠤᠢ ᠬᠤᠨᠭ᠍ᠱᠠᠨ ᠰᠣᠶᠣᠯ ᠤᠨ ᠬᠠᠰ ᠡᠳ᠋ᠯᠡᠯ ᠢ ᠢᠯᠡᠷᠡᠭᠦᠯᠵᠦ᠂ ᠡᠮᠦᠨᠡᠬᠢ ᠬᠡᠰᠡᠭ ᠨᠢ | ᠳᠥᠷᠪᠡᠯᠵᠢᠨ ᠬᠤᠶᠢᠨᠠᠬᠢ ᠬᠡᠰᠡᠭ ᠨᠢ ᠲᠣᠭᠤᠷᠢᠭ᠂ ᠡᠮᠦᠨᠡᠬᠢ ᠬᠡᠰᠡᠭ ᠨᠢ ᠮᠠᠨᠳᠠᠯ ᠬᠤᠶᠢᠨᠠᠬᠢ ᠬᠡᠰᠡᠭ ᠨᠢ ᠪᠤᠯᠠᠰᠢ ᠪᠣᠯᠣᠨ ᠲᠠᠭᠢᠯᠭ᠎ᠠ ᠶᠢ ᠨᠢᠭᠡ ᠴᠣᠭᠴᠠᠵᠢᠭᠤᠯᠤᠭᠰᠠᠨ | ᠪᠠᠷᠢᠯᠭ᠎ᠠ ᠶᠢᠨ ᠦᠯᠡᠳᠡᠭᠳᠡᠯ ᠢ ᠠᠩᠬ᠎ᠠ ᠢᠯᠡᠷᠡᠭᠦᠯᠵᠦ᠂ ᠲᠤᠰ ᠪᠠᠷᠢᠯᠭ᠎ᠠ ᠶᠢᠨ ᠪᠠᠶᠢᠷᠢᠰᠢᠭᠤᠯᠤᠯᠲᠠ ᠶᠢᠨ ᠣᠨᠴᠠᠯᠢᠭ ᠪᠣᠯᠣᠨ ᠪᠠᠷᠢᠯᠭ᠎ᠠ ᠶᠢᠨ ᠲᠡᠰ ᠳᠠᠷᠠᠭᠠᠯᠠᠯ ᠢ | ᠦᠨᠳᠦᠰᠦᠨ ᠳᠡᠭᠡᠨ ᠢᠯᠭᠠᠨ ᠲᠣᠳᠣᠯᠠᠪᠠ᠃ | ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ | ᠰᠦᠨ ᠶᠢᠨ ᠰᠦᠡᠭ ᠡᠨᠡ ᠪᠣᠯ ᠣᠳᠣᠬᠠᠨ ᠳᠤ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠢᠯᠡᠷᠡᠭᠦᠯᠦᠭᠰᠡᠨ ᠬᠠᠮᠤᠭ ᠤᠨ ᠲᠣᠮᠣ ᠬᠤᠩᠱᠠᠨ ᠰᠣᠶᠣᠯ ᠤᠨ | ᠰᠡᠭᠦᠯᠴᠢ ᠶᠢᠨ ᠦᠶ᠎ᠡ ᠶᠢᠨ ᠴᠢᠯᠠᠭᠤᠨ ᠪᠤᠯᠠᠰᠢ ᠪᠣᠯᠣᠨ᠎ᠠ᠃ ᠨᠢᠭᠡ ᠯᠡ ᠤᠳᠠᠭ᠎ᠠ ᠳᠤ ᠵᠠᠭᠤ ᠭᠠᠷᠤᠢ ᠬᠤᠨᠭ᠍ᠱᠠᠨ ᠰᠣᠶᠣᠯ ᠤᠨ ᠬᠠᠰ ᠡᠳ᠋ᠯᠡᠯ ᠢ ᠮᠠᠯᠲᠠᠵᠤ᠂ ᠬᠤᠨᠭ᠍ᠱᠠᠨ | ᠰᠣᠶᠣᠯ ᠤᠨ ᠬᠠᠰ ᠡᠳ᠋ᠯᠡᠯ ᠤᠨ ᠶᠡᠬᠡᠩᠬᠢ ᠲᠥᠷᠥᠯ ᠵᠦᠢᠯ ᠢ ᠦᠨᠳᠦᠰᠦᠨ ᠳᠡᠭᠡᠨ ᠬᠠᠮᠤᠷᠤᠭᠰᠠᠨ ᠪᠥᠭᠡᠳ ᠯᠢᠩ ᠵᠢᠶᠠ ᠲᠠᠨ ᠤ ᠰᠣᠶᠣᠯ ᠤᠨ ᠬᠠᠰ ᠲᠢᠲᠢᠮ ᠤᠨ | ᠴᠢᠮᠡᠭᠯᠡᠯ ᠲᠠᠢ ᠠᠳᠠᠯᠢᠪᠲᠤᠷ ᠡᠳ᠋ᠯᠡᠯ ᠬᠡᠷᠡᠭᠰᠡᠯ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠨᠭ᠍ᠱᠠᠨ ᠰᠣᠶᠣᠯ ᠠᠴᠠ ᠣᠯᠳᠠᠭᠰᠠᠨ ᠬᠠᠰ ᠡᠳ᠋ᠯᠡᠯ ᠤᠨ | ᠬᠠᠭᠤᠴᠢ ᠰᠤᠳᠤᠯᠤᠯ ᠤᠨ ᠰᠤᠳᠤᠯᠭᠠᠨ ᠤ ᠬᠤᠭᠤᠰᠤᠨ ᠢ ᠨᠥᠬᠦᠪᠦᠷᠢᠯᠡᠭᠰᠡᠨ ᠪᠥᠭᠡᠳ ᠪᠣᠷᠣᠳᠣᠬᠤᠢ ᠣᠷᠣᠨ ᠤ ᠯᠦᠩ ᠱᠠᠨ ᠤ ᠴᠠᠭ ᠦᠶ᠎ᠡ ᠶᠢᠨ ︽ᠬᠠᠰ ᠢ ᠬᠡᠷᠡᠮ | ᠳᠣᠲᠣᠷ᠎ᠠ ᠨᠢᠭᠤᠬᠤ︾ ᠦᠵᠡᠭᠳᠡᠯ ᠤᠨ ᠢᠷᠡᠯᠲᠡ ᠶᠢ ᠬᠠᠶᠢᠨ ᠰᠦᠪᠡᠭᠴᠢᠯᠡᠬᠦ ᠳᠤ ᠰᠢᠨ᠎ᠡ ᠰᠦᠪᠡᠭᠴᠢ ᠬᠠᠩᠭᠠᠭᠰᠠᠨ ᠪᠠᠶᠢᠨ᠎ᠠ᠃ | ᠰᠢᠨ᠎ᠡ ᠪᠠᠷ ᠢᠯᠡᠷᠡᠭᠦᠯᠦᠭᠰᠡᠨ ᠠᠤᠬᠠᠨ ᠬᠤᠰᠢᠭᠤᠨ ᠤ ᠰᠦᠷᠦᠭᠵᠢᠯ ᠴᠢᠯᠠᠭᠤᠨ ᠪᠤᠯᠠᠰᠢ ᠨᠢ ᠶᠠᠭᠠᠬᠢᠭᠠᠳ ᠣᠲᠣ ᠪᠤᠯᠲᠠᠯᠠᠭᠢ ᠬᠠᠮᠤᠭ ᠤᠨ ᠲᠣᠮᠣ ᠬᠤᠨᠭ᠍ᠱᠠᠨ | ᠰᠣᠶᠣᠯ ᠤᠨ ᠰᠡᠭᠦᠯᠴᠢ ᠶᠢᠨ ᠦᠶ᠎ᠡ ᠶᠢᠨ ᠰᠦᠷᠦᠭᠵᠢᠯ ᠴᠢᠯᠠᠭᠤᠨ ᠪᠤᠯᠠᠰᠢ ᠪᠣᠯᠤᠭᠰᠠᠨ ᠪᠤᠶ︖ ᠵᠠᠭᠤ ᠭᠠᠷᠤᠢ ᠬᠠᠰ ᠡᠳ᠋ᠯᠡᠯ ᠤᠨ ᠠᠷᠤ ᠳᠤ ᠶᠠᠮᠠᠷ ᠶᠠᠩᠵᠤ ᠶᠢᠨ | ᠨᠢᠭᠤᠴᠠ ᠪᠠ ᠥᠯᠢᠭᠡᠷ ᠬᠠᠳᠠᠭᠠᠯᠠᠭᠳᠠᠵᠤ ᠪᠠᠶᠢᠬᠤ ᠪᠤᠶ︖ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠲᠤᠬᠠᠢ ᠶᠢᠨ ᠲᠠᠯᠠᠪᠤᠷ ᠲᠤ ᠪᠤᠯᠠᠰᠢ ᠶᠢᠨ | ᠦᠯᠡᠳᠡᠭᠳᠡᠯ ᠠᠴᠠ ᠭᠠᠳᠠᠨ᠎ᠠ ᠪᠠᠰᠠ ᠪᠤᠰᠤᠳ ᠶᠠᠮᠠᠷ ᠭᠢᠯᠠᠰ ᠴᠡᠭ ᠪᠠᠶᠢᠬᠤ ᠪᠤᠶ︖ | 9 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ ᠤᠯᠠᠭᠠᠨᠬᠠᠳᠠ ᠬᠤᠲᠠ ᠳᠤ ᠳᠤᠮᠳᠠᠳᠤ ᠶᠢᠨ | ᠪᠣᠯᠪᠠᠰᠤᠨ ᠤ ᠭᠡᠷᠡᠯ ᠰᠠᠴᠤᠷᠠᠩᠭᠤᠢ ᠣᠳᠣᠨ ︱︽ᠬᠤᠨᠭ᠍ᠱᠠᠨ ᠰᠣᠶᠣᠯ︾ ᠢ ᠨᠡᠷᠡᠶᠢᠳᠦᠭᠰᠡᠨ 70 ᠵᠢᠯ ᠤᠨ ᠣᠶ ᠶᠢᠨ ᠰᠤᠳᠤᠯᠤᠨ ᠶᠠᠷᠢᠯᠴᠠᠬᠤ ᠬᠤᠷᠠᠯ ᠬᠢᠬᠦ | ᠪᠣᠯᠣᠨ᠎ᠠ᠃ ᠲᠤᠬᠠᠢ ᠶᠢᠨ ᠦᠶ᠎ᠡ ᠳᠤ᠂ ᠰᠢᠨ᠎ᠡ ᠪᠠᠷ ᠢᠯᠡᠷᠡᠭᠦᠯᠦᠭᠰᠡᠨ ᠬᠤᠩᠱᠠᠨ ᠰᠣᠶᠣᠯ ᠤᠨ ᠰᠦᠷᠦᠭᠵᠢᠯ ᠴᠢᠯᠠᠭᠤᠨ ᠪᠤᠯᠠᠰᠢ᠂ ᠵᠠᠭᠤ ᠭᠠᠷᠤᠢ ᠬᠠᠰ ᠡᠳ᠋ᠯᠡᠯ ᠨᠢ | ᠨᠢᠭᠤᠷ ᠤᠨ ᠱᠠ ᠪᠠᠨ ᠰᠡᠬᠦᠵᠦ ᠦᠨᠡᠨ ᠳᠦᠷᠢ ᠪᠠᠨ ᠢᠯᠡᠷᠡᠭᠦᠯᠬᠦ ᠪᠣᠯᠣᠨ᠎ᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ | ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠯᠢᠶᠣᠤᠨᠢᠩ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ | ᠬᠦᠷᠢᠶᠡᠯᠡᠩ ᠵᠡᠷᠭᠡ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠪᠡᠭᠡᠵᠢᠩ ᠶᠡᠭᠡ ᠰᠤᠷᠭᠠᠭᠤᠯᠢ᠂ ᠳᠤᠮᠳᠠᠳᠤ | ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ | ᠤᠯᠠᠭᠠᠨᠬᠠᠳᠠ ᠳᠤ ᠴᠤᠭᠯᠠᠷᠠᠨ ᠡᠷᠳᠡᠮ ᠰᠢᠨᠵᠢᠯᠡᠭᠡᠨ ᠤ ᠰᠤᠳᠤᠯᠭᠠᠨ ᠤ ᠠᠵᠢᠯ ᠥᠷᠨᠢᠭᠦᠯᠬᠦ ᠶᠢᠨ ᠬᠠᠮᠲᠤ ᠠᠭᠤᠳᠠᠯᠤᠨ ᠢᠯᠡᠷᠡᠭᠦᠯᠦᠭᠰᠡᠨ ᠲᠤᠬᠠᠢ ᠶᠢᠨ ᠭᠠᠵᠠᠷ ᠲᠤᠨᠢ | ᠬᠢᠨᠠᠨ ᠪᠠᠶᠢᠴᠠᠭᠠᠯᠲᠠ ᠬᠢᠨ᠎ᠡ᠃ | ᠬᠤᠩᠱᠠᠨ ᠰᠣᠶᠣᠯ ᠪᠣᠯ ᠳᠤᠮᠳᠠᠳᠤ ᠤᠯᠤᠰ ᠤᠨ ᠤᠮᠠᠷᠠᠲᠤ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠦᠶ᠎ᠡ ᠶᠢᠨ ᠬᠠᠭᠤᠴᠢ | ᠰᠤᠳᠤᠯᠤᠯ ᠤᠨ ᠰᠣᠶᠣᠯ ᠪᠣᠯᠣᠨ᠎ᠠ᠂ ᠣᠲᠣ ᠠᠴᠠ 6500 ᠵᠢᠯ ᠤᠨ ᠡᠮᠦᠨ᠎ᠡ ᠡᠭᠦᠰᠴᠦ᠂ ᠣᠲᠣ ᠠᠴᠠ ᠪᠠᠷᠤᠭ 5800 ᠵᠢᠯ ᠤᠨ ᠡᠮᠦᠨ᠎ᠡ ᠡᠷᠲᠡᠨ ᠤ ᠤᠯᠤᠰ ᠤᠨ | ᠪᠣᠯᠪᠠᠰᠤᠨ ᠤ ᠱᠠᠲᠤᠨ ᠳᠤ ᠣᠷᠣᠵᠤ᠂ ᠯᠢᠶᠣᠤ ᠰᠢ ᠶᠢᠨ ᠰᠢᠩ ᠯᠦᠩ ᠸᠠ ᠰᠣᠶᠣᠯ᠂ ᠵᠣᠣ ᠪᠦᠦ ᠭᠧᠦ ᠶᠢᠨ ᠰᠣᠶᠣᠯ ᠢ ᠵᠠᠯᠭᠠᠨ᠂ ᠬᠠᠰ ᠡᠳ᠋ᠯᠡᠯ ᠤᠨ ᠤᠯᠠᠮᠵᠢᠯᠠᠯ᠂ | ᠶᠣᠰᠣᠯᠠᠯ ᠤᠨ ᠪᠠᠷᠢᠯᠭ᠎ᠠ ᠪᠠᠷ ᠢᠶᠠᠨ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠶᠤᠮ᠃ ᠬᠤᠩᠱᠠᠨ ᠰᠣᠶᠣᠯ ᠤᠨ ᠪᠦᠷᠢᠯᠳᠦᠯ᠂ ᠬᠥᠭᠵᠢᠯᠲᠡ᠂ ᠬᠤᠪᠢᠷᠠᠯᠲᠠ ᠵᠢᠴᠢ | ᠲᠡᠭᠦᠨ ᠤ ᠵᠠᠯᠭᠠᠮᠵᠢ ᠨᠥᠯᠥᠭᠡ ᠪᠣᠯ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠤ ᠴᠢᠬᠤᠯᠠ ᠪᠦᠷᠢᠯᠳᠦᠭᠦᠨ ᠬᠡᠰᠡᠭ ᠪᠤᠯᠬᠤ ᠪᠥᠭᠡᠳ ᠪᠠᠰᠠ | ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠣᠭᠴᠠᠵᠢᠯᠲᠠ ᠶᠢᠨ ᠪᠦᠷᠢᠯᠳᠦᠯ ᠪᠠ ᠬᠤᠪᠢᠰᠤᠯᠲᠠ ᠳᠤ ᠴᠢᠬᠤᠯᠠ ᠰᠦᠪᠡᠭᠴᠢ ᠬᠠᠩᠭᠠᠭᠰᠠᠨ ᠪᠠᠶᠢᠨ᠎ᠠ᠃ | ᠬᠤᠩᠱᠠᠨ ᠰᠣᠶᠣᠯ ᠢ ᠨᠡᠷᠡᠶᠢᠳᠦᠭᠰᠡᠨ 70 ᠵᠢᠯ ᠤᠨ ᠲᠤᠷᠰᠢ᠂ ᠥᠪᠥᠷ ᠮᠣᠩᠭᠤᠯ ᠤᠨ ᠤᠯᠠᠭᠠᠨᠬᠠᠳᠠ ᠬᠢᠭᠡᠳ ᠯᠢᠶᠣᠤᠨᠢᠩ ᠤᠨ ᠴᠣᠣᠶᠠᠩ ᠬᠤᠶᠠᠷ ᠭᠠᠵᠠᠷ ᠲᠤ | ᠢᠯᠡᠷᠡᠭᠦᠯᠦᠭᠰᠡᠨ ᠡᠯ᠎ᠡ ᠲᠦᠷᠦᠯ ᠤᠨ ᠬᠤᠨᠭ᠍ᠱᠠᠨ ᠰᠣᠶᠣᠯ ᠤᠨ ᠪᠠᠭᠤᠷᠢ 1100 ᠭᠠᠷᠤᠢ ᠪᠠᠶᠢᠵᠤ᠂ ᠨᠢᠦ ᠾᠧ ᠯᠢᠶᠠᠩ᠂ ᠳ᠋ᠦᠩ ᠱᠠᠨ ᠽᠦᠢ᠂ ᠨᠠᠰᠳᠠᠢ ᠵᠡᠷᠭᠡ | ᠪᠠᠭᠤᠷᠢ ᠠᠴᠠ ᠢᠯᠡᠷᠡᠭᠦᠯᠦᠭᠰᠡᠨ ᠪᠤᠯᠠᠰᠢ᠂ ᠲᠠᠭᠢᠯᠭ᠎ᠠ ᠶᠢᠨ ᠦᠯᠡᠳᠡᠭᠳᠡᠯ ᠵᠢᠴᠢ ᠶᠡᠭᠡ ᠬᠡᠮᠵᠢᠶᠡᠨ ᠤ ᠬᠠᠰ ᠡᠳ᠋ᠯᠡᠯ ᠢᠶᠠᠷ ᠲᠥᠯᠥᠭᠡᠯᠡᠭᠴᠢ ᠪᠤᠯᠭᠠᠵᠤ᠂ ᠬᠤᠨᠭ᠍ᠱᠠᠨ | ᠰᠣᠶᠣᠯ ᠤᠨ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠳᠠᠬᠢ ᠡᠬᠢ ᠡᠭᠦᠰᠦᠯ ᠤᠨ ᠴᠢᠨᠠᠷᠲᠠᠢ ᠪᠠᠶᠢᠷᠢ ᠰᠠᠭᠤᠷᠢ ᠶᠢ ᠲᠣᠭᠲᠠᠭᠠᠵᠠᠢ᠃ | ᠬᠤᠩᠱᠠᠨ ᠰᠣᠶᠣᠯ ᠤᠨ ᠬᠠᠭᠤᠴᠢ ᠰᠤᠳᠤᠯᠤᠯ ᠥᠨᠢ ᠡᠭᠦᠷᠢᠳᠡ ︽ᠳᠤᠨᠳᠠᠷᠠᠰᠢ ᠦᠭᠡᠢ︾︕ | 9 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠤᠯᠠᠭᠠᠨᠬᠠᠳᠠ ᠬᠤᠳᠠ ᠳᠤ ᠬᠦᠰᠡᠨ ᠬᠦᠯᠢᠶᠡᠭᠦᠰᠢᠲᠡᠢ ᠪᠠᠶᠢᠨ᠎ᠠ︕ | | | | |