ᠥᠪᠥᠷ ᠮᠣᠩᠭᠤᠯ ᠨᠠᠮᠤᠷ ᠤᠨ ᠵᠢᠭᠤᠯᠴᠢᠯᠠᠯ ᠤᠨ 20 ᠰᠣᠳᠣᠨ ᠵᠠᠮ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2024/11/1
        9 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠠᠯ᠎ᠠ ᠨᠤᠲᠤᠭ ᠤᠨ ᠵᠢᠭᠤᠯᠴᠢᠯᠠᠯ᠂ ᠤᠢ  ᠰᠢᠭᠤᠢ ᠶᠢᠨ ᠵᠢᠭᠤᠯᠴᠢᠯᠠᠯ᠂ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ᠂ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ 6 ᠶᠡᠭᠡ ᠭᠤᠣᠯ ᠰᠡᠳᠦᠪ ᠢᠶᠠᠷ ᠥᠪᠥᠷ ᠮᠣᠩᠭᠤᠯ ᠤᠨ ᠨᠠᠮᠤᠷ ᠤᠨ ᠵᠢᠭᠤᠯᠴᠢᠯᠠᠯ ᠤᠨ 20 ᠰᠣᠳᠣᠨ  ᠵᠠᠮ ᠱᠤᠭᠤᠮ ᠢ ᠨᠡᠶᠢᠲᠡᠯᠡᠵᠦ᠂ ᠬᠤᠯᠠ ᠣᠶᠢᠷ᠎ᠠ ᠶᠢᠨ ᠵᠢᠭᠤᠯᠴᠢᠯᠠᠬᠰᠠᠳ ᠲᠤ ᠴᠢᠩ ᠰᠡᠳᠬᠢᠯ ᠤᠨ ᠤᠷᠢᠯᠭ᠎ᠠ ᠲᠠᠯᠪᠢᠯ᠎ᠠ᠃        ᠲᠠᠯ᠎ᠠ ᠨᠤᠲᠤᠭ ᠤᠨ ᠵᠢᠭᠤᠯᠴᠢᠯᠠᠯ ᠳᠤ ᠬᠠᠮᠤᠭ ᠤᠨ ᠰᠠᠶᠢᠬᠠᠨ ᠲᠠᠯ᠎ᠠ ᠨᠤᠲᠤᠭ ᠤᠨ ᠠᠶᠠᠯᠠᠯ ᠢᠶᠠᠷ ᠬᠥᠯᠥᠨ ᠪᠤᠶᠢᠷ ᠤᠨ ᠨᠠᠮᠤᠷ ᠤᠨ ᠥᠩᠭᠡ ᠦᠵᠡᠮᠵᠢ ᠶᠢ  ᠰᠣᠨᠢᠷᠬᠠᠬᠤ᠂ ᠲᠠᠯ᠎ᠠ ᠨᠤᠲᠤᠭ ᠡᠯᠡᠰᠦᠨ ᠴᠥᠯ ᠤᠨ ᠠᠶᠠᠯᠠᠯ ᠢᠶᠠᠷ ᠲᠦᠩᠯᠢᠶᠣᠣ ᠳᠤ ᠵᠢᠭᠤᠯᠴᠢᠯᠠᠬᠤ᠂ ᠬᠢᠯᠢ ᠬᠢᠵᠠᠭᠠᠷ ᠤᠨ ᠲᠠᠯ᠎ᠠ ᠨᠤᠲᠤᠭ ᠤᠨ ᠵᠠᠩ ᠦᠶᠯᠡ ᠶᠢᠨ  ᠠᠶᠠᠯᠠᠯ ᠢᠶᠠᠷ ᠪᠣᠷᠣᠳᠣᠬᠤᠢ ᠶᠢᠨ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ 3 ᠵᠠᠮ ᠱᠤᠭᠤᠮ ᠪᠠᠭᠲᠠᠪᠠ᠃ ᠣᠢ ᠰᠢᠭᠤᠢ ᠶᠢᠨ ᠵᠢᠭᠤᠯᠴᠢᠯᠠᠯ ᠳᠤ  ᠬᠠᠮᠤᠭ ᠤᠨ ᠭᠤᠶᠤ ᠶᠡᠭᠡ ᠬᠢᠩᠭᠠᠨ ᠳᠠᠪᠠᠭ᠎ᠠ ᠶᠢᠨ ᠲᠣᠭᠤᠷᠢᠯ ᠵᠠᠮ ᠢᠶᠠᠷ ᠳᠣᠮᠣᠭᠲᠤ ᠶᠢᠷᠲᠢᠨᠴᠦ ᠳᠤ ᠠᠶᠠᠯᠠᠬᠤ᠂ ᠬᠡᠭᠡᠷ᠎ᠡ ᠪᠠᠭᠤᠳᠠᠯᠯᠠᠵᠤ ᠣᠢ ᠰᠢᠭᠤᠢ ᠳᠤ ᠰᠠᠷᠠ  ᠰᠣᠨᠢᠷᠬᠠᠬᠤ ᠶᠠᠪᠠᠭᠠᠨ ᠠᠶᠠᠯᠠᠯ ᠢᠶᠠᠷ ᠵᠤᠭ᠎ᠠ ᠴᠡᠩᠭᠡᠯ ᠢ ᠡᠳ᠋ᠯᠡᠬᠦ᠂ ᠶᠠᠨᠱᠠᠨ ᠠᠭᠤᠯᠠ ᠶᠢᠨ ᠠᠷᠤ ᠬᠤᠷᠮᠣᠢ - ᠵᠠᠭᠤᠨ ᠭᠠᠵᠠᠷ ᠤᠨ ᠵᠢᠷᠤᠭᠲᠤ ᠬᠤᠩᠭᠢᠯ ᠤᠨ ᠨᠠᠮᠤᠷ ᠤᠨ  ᠠᠶᠠᠯᠠᠯ ᠢᠶᠠᠷ ᠬᠤᠩᠱᠠᠨ ᠰᠣᠶᠣᠯ ᠢ ᠰᠣᠨᠢᠷᠬᠠᠬᠤ᠂ ᠠᠯᠠᠱᠠ ᠶᠢᠨ ᠡᠯᠡᠰᠦᠨ ᠴᠥᠯ ᠤᠨ ᠲᠣᠣᠷᠠᠢ ᠶᠢᠨ ᠤᠢ ᠶᠢᠨ ᠠᠶᠠᠯᠠᠯ ᠢᠶᠠᠷ ᠬᠠᠮᠤᠭ ᠤᠨ ᠭᠤᠶᠤ ᠲᠣᠣᠷᠠᠢ ᠶᠢᠨ  ᠤᠢ ᠶᠢ ᠰᠣᠨᠢᠷᠬᠠᠬᠤ ᠵᠡᠷᠭᠡ 4 ᠵᠠᠮ ᠱᠤᠭᠤᠮ ᠪᠠᠭᠲᠠᠵᠠᠢ᠃ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ ᠳᠤ ᠠᠯᠲᠠᠨ ᠨᠠᠮᠤᠷ ᠢᠶᠠᠷ ᠭᠦᠭᠡᠬᠤᠲᠠ ᠳᠤ ᠠᠮᠠᠷᠠᠵᠤ  ᠵᠤᠭᠠᠴᠠᠨ ︽ᠵᠢᠭᠤᠯᠴᠢᠯᠠᠯ ᠤᠨ ᠳᠥᠷᠪᠡᠨ ᠭᠠᠵᠠᠷ︾᠎ ᠢᠶᠠᠷ ᠠᠶᠠᠯᠠᠬᠤ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠶᠢᠨ ᠠᠶᠠᠯᠠᠯ ᠢᠶᠠᠷ ᠴᠠᠢ ᠶᠢᠨ ᠵᠠᠮ ᠤᠨ  ᠥᠷᠲᠡᠭᠡ ᠶᠢ ᠰᠣᠨᠢᠷᠬᠠᠬᠤ᠂ ᠥᠪᠡᠷ ᠢᠶᠠᠨ ᠮᠠᠰᠢᠨ ᠪᠠᠷᠢᠵᠤ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠲᠣᠭᠤᠷᠢᠬᠤ᠂ ︽ᠪᠡᠭᠡᠵᠢᠩ ᠥᠪᠥᠷ ᠮᠣᠩᠭᠤᠯ ᠤᠨ  ᠬᠠᠮᠵᠢᠯᠴᠠᠭ᠎ᠠ·ᠡᠷᠲᠡᠨ ᠤ ᠵᠠᠮ ᠤᠨ ᠤᠯᠠ ᠮᠥᠷ ᠢ ᠬᠠᠶᠢᠬᠤ︾ ᠵᠡᠷᠭᠡ 4 ᠵᠠᠮ ᠱᠤᠭᠤᠮ ᠪᠠᠭᠲᠠᠪᠠ᠃ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ ᠳᠤ ᠮᠠᠨᠵᠤᠤᠷ ᠤᠨ ᠬᠤᠪᠢᠰᠬᠠᠯ ᠤᠨ ᠳᠤᠷᠠᠳᠬᠠᠯ ᠤᠨ ᠠᠶᠠᠯᠠᠯ᠂ ᠪᠠᠶᠠᠨᠨᠠᠭᠤᠷ ᠤᠨ ︽ᠳᠤᠷᠠᠳᠬᠠᠯ·ᠤᠭ ᠰᠠᠨᠠᠭ᠎ᠠ︾ ᠬᠤᠪᠢᠰᠬᠠᠯ ᠤᠨ ᠪᠡᠶᠡᠴᠢᠯᠡᠨ ᠣᠶᠢᠯᠠᠭᠠᠬᠤ ᠠᠶᠠᠯᠠᠯ᠂ ᠥᠪᠥᠷ  ᠮᠣᠩᠭᠤᠯ ᠤᠨ ᠬᠤᠪᠢᠰᠬᠠᠯ ᠤᠨ ᠡᠬᠢ ᠡᠭᠦᠰᠦᠯ ᠤᠨ ᠭᠠᠵᠠᠷ ᠤᠨ ᠠᠶᠠᠯᠠᠯ ᠵᠡᠷᠭᠡ 3 ᠵᠠᠮ ᠱᠤᠭᠤᠮ ᠪᠠᠭᠲᠠᠪᠠ᠃        ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠳᠤ ᠤᠮᠠᠷᠠᠲᠤ ᠬᠢᠯᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠠᠶᠠᠯᠠᠯ᠂ ᠤᠮᠠᠷᠠᠲᠤ ᠬᠢᠯᠢ ᠶᠢᠨ  ᠴᠠᠰᠤᠨ ᠤᠶᠠᠩᠭ᠎ᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠠᠶᠠᠯᠠᠯ᠂ ᠪᠣᠷᠣᠳᠣᠬᠤᠢ ᠶᠢᠨ ᠡᠷᠲᠡᠨ ᠤ ᠪᠣᠳᠠᠰ ᠤᠨ ᠪᠤᠰᠤ ᠰᠣᠶᠣᠯ ᠤᠨ  ᠥᠪ ᠤᠨ ᠠᠶᠠᠯᠠᠯ᠂ ︽ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ︾ ᠠᠶᠠᠯᠠᠯ ᠵᠡᠷᠭᠡ 4 ᠵᠠᠮ ᠱᠤᠭᠤᠮ ᠪᠠᠭᠲᠠᠵᠠᠢ᠃ ᠬᠢᠯᠢ ᠠᠯᠤᠰᠯᠠᠭᠰᠠᠨ ᠵᠢᠭᠤᠯᠴᠢᠯᠠᠯ ᠳᠤ ᠮᠠᠨᠵᠤᠤᠷ ᠤᠨ ᠬᠢᠯᠢ ᠠᠯᠤᠰᠯᠠᠭᠰᠠᠨ ᠠᠶᠠᠯᠠᠯ᠂ ᠲᠤᠮᠳᠠᠳᠤ ᠮᠣᠩᠭᠤᠯ ᠤᠷᠤᠰ ᠤᠨ ︽ᠭᠤᠷᠪᠠᠨ ᠨᠠᠭᠤᠷ ᠤᠨ ᠪᠣᠯᠵᠤᠭ᠎ᠠ︾ ᠬᠢᠯᠢ ᠠᠯᠤᠰᠯᠠᠭᠰᠠᠨ ᠠᠶᠠᠯᠠᠯ ᠵᠡᠷᠭᠡ 2  ᠵᠠᠮ ᠱᠤᠭᠤᠮ ᠪᠠᠭᠲᠠᠪᠠ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ