ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠭᠦᠷ | ᠬᠥᠭᠵᠢᠶᠡᠨ᠋ ᠲᠠᠢ ᠦᠷᠭᠦᠯᠵᠢᠯᠡᠵᠦ᠂ ᠭᠠᠷᠠᠭ ᠤᠨ ᠠᠮᠠᠷᠠᠯᠲᠠ ᠲᠣᠬᠢᠶᠠᠭᠰᠠᠨ ᠢᠶᠠᠷ ᠬᠤᠳᠠ ᠶᠢᠨ ᠠᠷᠠᠳ ᠬᠢᠭᠡᠳ ᠭᠠᠳᠠᠷ ᠣᠷᠣᠨ ᠤ ᠵᠢᠭᠤᠯᠴᠢᠯᠠᠭᠴᠢ ᠠᠷᠠᠯᠵᠢᠶᠠᠴᠢᠳ | ᠨᠡᠩ ᠣᠯᠠᠰᠢᠷᠠᠵᠠᠢ᠃ | ᠡᠨᠡ ᠵᠢᠯ ᠣᠨᠴᠠᠯᠠᠨ ᠭᠠᠷᠭᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠪᠣᠯᠣᠨ 12 ᠠᠶᠢᠮᠠᠭ ᠬᠤᠳᠠ ᠶᠢᠨ | ᠦᠵᠡᠭᠦᠯᠭᠡ ᠶᠢᠨ ᠲᠣᠭᠤᠷᠢᠭ ᠲᠤ ᠣᠶᠢᠷᠠᠲᠤᠬᠤᠶᠠ ᠬᠤᠭᠤᠷ ᠬᠥᠭᠵᠢᠮ ᠡᠭᠦᠰᠬᠡᠨ᠂ ᠪᠥᠵᠢᠭ ᠴᠢᠮᠡᠭ ᠪᠦᠭᠦᠳᠡ ᠤᠯᠠᠨ ᠢ ᠪᠠᠶᠠᠰᠬᠠᠨ᠎ᠠ᠃ ᠴᠡᠭᠡ ᠪᠦᠯᠢᠵᠦ ᠠᠶᠢᠷᠠᠭ | ᠰᠠᠪᠠᠯᠠᠵᠤ ᠵᠣᠭᠰᠣᠭᠰᠠᠨ ᠮᠦᠳᠠᠨ ᠪᠣᠯᠣᠨ ᠥᠯᠵᠡᠶᠢᠪᠠᠲᠤ ᠬᠤᠶᠠᠷ ᠨᠠᠰᠤᠲᠠᠨ ᠲᠠᠢ ᠮᠡᠨᠳᠦ ᠮᠡᠳᠡᠯᠴᠡᠨ ᠬᠡᠳᠦᠨ ᠦᠭᠡ ᠰᠣᠯᠢᠯᠴᠠᠪᠠ᠃ ᠴᠡᠭᠡ ᠢᠰᠬᠡᠬᠦ ᠤᠷ᠎ᠠ | ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠥᠪ ᠤᠯᠠᠮᠵᠢᠯᠠᠭᠴᠢ ᠮᠦᠳᠠᠨ ᠨᠠᠰᠤᠲᠠᠨ 14 ᠨᠠᠰᠤᠨ ᠠᠴᠠ ᠪᠠᠨ ᠠᠪᠤ ᠡᠵᠢ ᠪᠠᠨ ᠳᠠᠭᠠᠵᠦ᠂ ᠭᠡᠭᠦᠦ | ᠰᠠᠭᠠᠨ᠂ ᠴᠡᠭᠡ ᠢᠰᠬᠡᠵᠦ ᠰᠤᠷᠤᠬᠰᠠᠨ ᠬᠥᠮᠥᠨ᠃ ᠤᠯᠠᠮᠵᠢᠯᠠᠯᠲᠤ ᠠᠷᠭ᠎ᠠ ᠪᠠᠷ ᠴᠡᠭᠡ ᠢᠰᠬᠡᠵᠦ ᠬᠡᠷᠡᠭᠯᠡᠭᠴᠢᠳ ᠤᠨ ᠬᠦᠷᠢᠶᠡᠯᠡᠯ ᠢ ᠶᠡᠬᠡᠳᠡ ᠣᠯᠣᠭᠰᠠᠨ ᠳᠡᠳᠡᠨ ᠤ | ᠴᠡᠭᠡ ᠪᠣᠷᠤᠯᠠᠭᠤᠯᠭ᠎ᠠ ᠰᠠᠶᠢᠲᠠᠢ᠃ ᠥᠯᠵᠡᠶᠢᠪᠠᠲᠤ ᠭᠤᠸᠠᠢ ᠦᠷᠭᠦᠯᠵᠢ ᠠᠬᠠᠮᠠᠳ ᠪᠤᠭᠤᠷᠤᠯ ᠠᠴᠠ ᠡᠷᠢᠵᠦ ᠰᠤᠷᠪᠤᠯᠵᠢᠯᠠᠨ᠂ ᠲᠤᠰᠬᠠᠢ ᠮᠡᠷᠭᠡᠵᠢᠯᠲᠡᠨ ᠠᠴᠠ | ᠠᠰᠠᠭᠤᠵᠤ ᠯᠠᠪᠯᠠᠨ ᠴᠡᠭᠡ ᠢᠰᠬᠡᠬᠦ ᠤᠯᠠᠮᠵᠢᠯᠠᠯᠲᠤ ᠠᠷᠭ᠎ᠠ ᠤᠨᠤᠯ ᠢ ᠡᠮᠬᠢᠳᠬᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠰᠤᠪᠢᠵᠤ ᠰᠠᠭᠤᠨ᠎ᠠ᠃ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠲᠤ᠂ ︽ᠨᠠᠶᠢᠷᠯᠠᠯᠳᠤᠨ ᠪᠥᠵᠢᠭᠯᠡᠶ᠎ᠡ︾᠂ ︽ᠭᠠᠷ ᠤᠨ ᠤᠷ᠎ᠠ︾᠂ ︽ᠰᠣᠶᠣᠯ ᠤᠨ | ᠤᠯᠠᠮᠵᠢᠯᠠᠯ︾ ᠭᠤᠷᠪᠠᠨ ᠠᠭᠤᠯᠭ᠎ᠠ ᠬᠤᠪᠢᠶᠠᠨ᠂ ᠰᠣᠳᠣᠨ ᠪᠦᠲᠦᠭᠡᠯ ᠤᠨ ᠦᠵᠡᠰᠭᠦᠯᠡᠩ᠂ ᠤᠷ᠎ᠠ ᠮᠡᠷᠭᠡᠵᠢᠯ ᠤᠨ ᠦᠵᠡᠭᠦᠯᠭᠡ᠂ ᠲᠤᠬᠠᠢ ᠶᠢᠨ ᠲᠠᠯᠠᠪᠠᠶ ᠶᠢᠨ | ᠬᠤᠷᠰᠢᠯᠴᠠᠭ᠎ᠠ᠂ ᠦᠢᠯᠡᠳᠬᠦᠨ ᠤ ᠪᠣᠷᠤᠯᠠᠭᠤᠯᠭ᠎ᠠ ᠵᠡᠷᠭᠡ ᠭᠡᠯᠪᠡᠷᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ | ᠰᠣᠶᠣᠯ ᠤᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ᠃ ᠤᠷᠠᠳ ᠬᠠᠳᠬᠤᠮᠠᠯ ᠤᠨ ᠥᠪᠯᠡᠨ ᠤᠯᠠᠮᠵᠢᠯᠠᠭᠴᠢ ᠨᠠᠷᠠᠩᠭᠤᠸ᠎ᠠ ᠬᠠᠳᠬᠤᠮᠠᠯ ᠤᠨ ᠤᠷ᠎ᠠ ᠮᠡᠷᠭᠡᠵᠢᠯ᠂ | ᠵᠢᠷᠤᠭ ᠰᠡᠳᠦᠪ ᠤᠨ ᠤᠷᠠᠨ ᠭᠠᠶᠢᠬᠠᠮᠰᠢᠭ ᠢᠶᠠᠨ ᠲᠠᠨᠢᠯᠴᠠᠭᠤᠯᠤᠭᠠᠳ ᠶᠠᠭᠠᠷᠠᠨ᠎ᠠ᠃ ᠲᠤᠰ ᠤᠳᠠᠭᠠᠨ ᠤ ᠦᠵᠡᠭᠦᠯᠭᠡ ᠳᠤ 170 ᠭᠠᠷᠤᠢ ᠪᠦᠲᠦᠭᠡᠯ ᠲᠠᠢ ᠢᠷᠡᠵᠦ᠂ | ᠡᠭᠡᠮᠦᠭ ᠰᠦᠢᠬᠡ᠂ ᠡᠩᠭᠡᠷ ᠤᠨ ᠵᠡᠭᠦᠯᠲᠡ᠂ ᠪᠦᠭᠡᠵᠢ ᠪᠠᠭᠤᠪᠴᠢ ᠰᠣᠨᠳᠣᠷ ᠭᠡᠬᠦ ᠤᠯᠠᠨ ᠲᠦᠷᠦᠯ ᠤᠨ ᠪᠦᠲᠦᠭᠡᠭᠳᠡᠬᠦᠨ ᠨᠢ ᠤᠷᠠᠳ ᠬᠠᠳᠬᠤᠮᠠᠯ᠂ ᠤᠷᠠᠨ ᠮᠥᠩᠭᠦᠨ | ᠡᠳ᠋ᠯᠡᠯ ᠬᠢᠭᠡᠳ ᠤᠷᠠᠳ ᠮᠠᠨᠤ ᠴᠢᠯᠠᠭᠤ ᠪᠠᠷ ᠤᠷᠠᠨ ᠨᠠᠷᠢᠯᠢᠭ ᠬᠢᠭᠰᠡᠨ ᠠᠴᠠ ᠦᠵᠡᠭᠴᠢᠳ ᠬᠢᠭᠡᠳ ᠭᠠᠳᠠᠷ ᠣᠷᠣᠨ ᠤ ᠵᠢᠭᠤᠯᠴᠢᠯᠠᠭᠴᠢ ᠶᠢᠨ ᠠᠩᠬᠠᠷᠤᠯ ᠢ ᠲᠠᠲᠠᠵᠤ | ᠪᠠᠶᠢᠯ᠎ᠠ᠃ | ᠥᠪᠥᠷ ᠮᠣᠩᠭᠤᠯ ᠤᠨ ᠠᠷᠠᠰᠤᠨ ᠰᠡᠶᠢᠯᠦᠮᠡᠯ᠂ ᠴᠠᠭᠠᠰᠤᠨ ᠬᠠᠶᠢᠴᠢᠯᠠᠮᠠᠯ᠂ ᠮᠣᠩᠭᠤᠯ ᠬᠠᠳᠬᠤᠮᠠᠯ᠂ ᠮᠣᠩᠭᠤᠯ ᠡᠮ ᠡᠮᠨᠡᠯᠭᠡ᠂ ᠮᠥᠩᠭᠦᠨ ᠡᠳ᠋ᠯᠡᠯ ᠵᠡᠷᠭᠡ | ᠲᠥᠯᠥᠭᠡᠯᠡᠬᠦ ᠴᠢᠨᠠᠷᠲᠠᠢ ᠲᠥᠷᠥᠯ ᠵᠦᠢᠯ ᠤᠳ ᠨᠢ ᠴᠦ ᠬᠥᠮᠥᠰ ᠤᠨ ᠬᠦᠷᠢᠶᠡᠯᠡᠯ ᠢ ᠣᠯᠵᠤ ᠵᠠᠬᠢᠶᠠᠯᠠᠭ᠎ᠠ ᠥᠭᠴᠦ ᠪᠠᠶᠢᠯ᠎ᠠ᠃ ᠡᠭᠦᠨ ᠠᠴᠠ ᠭᠠᠳᠠᠨ᠎ᠠ᠂ ᠵᠢᠶᠠᠩᠰᠤ᠂ | ᠲᠢᠶᠠᠨᠵᠢᠨ᠂ ᠠᠨᠾᠦ᠋ᠢ᠂ ᠾᠧᠪᠧᠢ ᠵᠡᠷᠭᠡ ᠭᠠᠵᠠᠷ ᠤᠨ ᠬᠥᠬᠡ ᠬᠤᠸᠠᠷ ᠲᠠᠢ ᠪᠥᠰ᠂ ᠬᠥᠬᠡ ᠬᠤᠸᠠᠷ ᠲᠠᠢ ᠠᠮᠢᠳᠤᠷᠠᠯ ᠤᠨ ᠬᠡᠷᠡᠭᠰᠡᠯ᠂ ᠰᠢᠤᠸᠠᠨ ᠪᠢ ᠦᠰᠦᠨ ᠪᠢᠷ᠂ ᠶᠡᠭᠡ | ᠲᠠᠲᠠᠮᠠᠯ ᠭᠤᠣᠯ ᠤᠨ ᠰᠣᠶᠣᠯ ᠤᠨ ᠪᠦᠲᠦᠭᠡᠭᠳᠡᠬᠦᠨ᠂ ᠲᠢᠶᠠᠨᠵᠢᠨ ᠤ ᠪᠡᠯᠡᠭ ᠵᠡᠷᠭᠡ ᠤᠯᠤᠰ ᠤᠨ ᠲᠡᠰ᠂ ᠮᠤᠵᠢ ᠶᠢᠨ ᠲᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠦᠷᠦᠯ ᠵᠦᠢᠯ ᠢ ᠲᠥᠪᠯᠡᠷᠡᠭᠦᠯᠦᠨ ᠦᠵᠡᠭᠦᠯᠵᠦ᠂ ᠦᠵᠡᠭᠴᠢᠳ ᠲᠤ ᠦᠨᠡᠨ ᠬᠥᠮᠥᠨ ᠦᠨᠡᠨ ᠡᠳ᠋ ᠦᠨᠡᠨ ᠠᠮᠢᠳᠤᠷᠠᠯ ᠢ ᠬᠠᠷᠠᠭᠤᠯᠤᠨ᠂ ᠪᠣᠳᠠᠰ ᠤᠨ ᠪᠤᠰᠤ | ᠰᠣᠶᠣᠯ ᠤᠨ ᠥᠪ ᠤᠯᠠᠮᠵᠢᠯᠠᠭᠴᠢᠳ ᠤᠨ ᠴᠤᠭ ᠵᠤᠯᠪᠤᠭ᠎ᠠ ᠶᠢ ᠬᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ | ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠨ᠎ᠠ᠃ | | | | |