ᠪᠣᠯᠪᠠᠰᠤᠨ ᠪᠣᠯ ᠬᠠᠮᠤᠭ ᠤᠨ ᠭᠤᠶᠢᠳᠠ ᠦᠵᠡᠮᠵᠢ
ᠨᠡᠶᠢᠲᠡᠯᠡᠭᠰᠡᠨ ᠴᠠᠭ᠄
2024/11/1
        ᠦᠵᠡᠮᠵᠢ ᠶᠢᠨ ᠣᠷᠣᠨ ᠵᠢᠭᠤᠯᠴᠢᠯᠠᠯ ᠤᠨ ᠭᠠᠵᠠᠷ ᠢᠶᠠᠷ ᠵᠢᠭᠤᠯᠴᠢᠯᠠᠬᠰᠡᠳ ᠰᠢᠬᠠᠯᠳᠤᠵᠤ᠂  ᠺᠢᠨᠣ᠋ ᠲᠢᠶᠠᠲᠷ ᠤᠨ ᠣᠷᠳᠣᠨ ᠳᠤ ᠦᠵᠡᠭᠴᠢᠳ ᠳᠦᠭᠦᠷᠲᠡᠯ᠎ᠡ  ᠰᠠᠭᠤᠵᠤ᠂ ᠢᠳᠡᠭᠡᠨ ᠤᠮᠳᠠᠭᠠᠨ ᠬᠤᠨᠤᠭ ᠪᠠᠭᠤᠳᠠᠯ ᠤᠨ ᠬᠡᠷᠡᠭᠯᠡᠭᠡ ᠬᠥᠭᠵᠢᠶᠡᠨ ᠲᠠᠢ ᠪᠣᠯᠣᠯ᠎ᠠ  ᠁  ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ᠋ ᠳᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠰᠠᠶᠢᠨ ᠪᠠᠶᠢᠳᠠᠯ ᠢᠶᠠᠨ ᠪᠠᠲᠤᠯᠠᠪᠠ᠃ ᠡᠶᠢᠨ ᠬᠦ  ᠪᠦᠭᠦ ᠣᠷᠣᠨ ᠤ ᠡᠯ᠎ᠡ  ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠰᠠᠨᠠᠭᠠᠴᠢᠯᠠᠭ᠎ᠠ ᠭᠠᠷᠭᠠᠪᠠ᠄ ᠤᠯᠠᠨ ᠨᠡᠶᠢᠲᠡ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠵᠢᠷᠤᠮᠯᠠᠵᠤ᠂ ᠬᠤᠭ  ᠨᠣᠪᠰᠢ ᠶᠢ ᠳᠤᠷ᠎ᠠ ᠪᠠᠷ ᠬᠠᠶᠠᠬᠤ ᠦᠭᠡᠢ᠂ ᠭᠠᠵᠠᠷ ᠪᠣᠯᠭᠠᠨ ᠳᠤ ᠨᠤᠯᠮᠤᠬᠤ ᠦᠭᠡᠢ᠂  ᠡᠷᠦᠢ ᠬᠤᠷᠤᠢ ᠦᠭᠡᠢ ᠵᠢᠷᠤᠬᠤ ᠦᠭᠡᠢ᠂ ᠨᠡᠶᠢᠲᠡ ᠶᠢᠨ ᠡᠳ᠋ ᠬᠤᠭᠰᠢᠯ ᠢ  ᠡᠪᠳᠡᠬᠦ ᠦᠭᠡᠢ ᠁ ᠦᠭᠡ ᠦᠰᠦᠭ ᠨᠢᠭᠡ ᠪᠦᠷᠢ ᠳᠤ ᠴᠥᠮ ᠪᠠᠶᠠᠷ ᠳᠤᠷᠠᠰᠬᠠᠯ ᠤᠨ ᠡᠳᠦᠷ ᠢᠶᠠᠨ ᠪᠣᠯᠪᠠᠰᠤᠨ ᠢᠶᠠᠷ  ᠥᠩᠭᠡᠷᠡᠭᠦᠯᠬᠦ ᠶᠢᠨ ᠴᠢᠬᠤᠯᠠ ᠴᠢᠨᠠᠷ ᠢ  ᠰᠠᠨᠠᠭᠤᠯᠪᠠ᠃        ᠠᠮᠠᠷᠠᠯᠲᠠ ᠶᠢᠨ ᠬᠤᠭᠤᠴᠠᠭ᠎ᠠ ᠪᠣᠯ ᠪᠣᠯᠪᠠᠰᠤᠨ ᠤ ᠳᠦᠷᠢ ᠲᠥᠷᠬᠦ ᠶᠢ ᠢᠯᠡᠷᠡᠭᠦᠯᠦᠨ ᠲᠤᠰᠬᠠᠬᠤ ᠴᠣᠩᠬᠤᠪᠴᠢ ᠮᠥᠨ᠃ ᠠᠷᠠᠳ ᠢᠷᠭᠡᠳ ᠤᠨ ᠬᠡᠪ  ᠪᠣᠯᠪᠠᠰᠤᠷᠠᠯ ᠤᠨ ᠳᠡᠭᠡᠭᠰᠢᠯᠡᠬᠦ ᠶᠢ ᠳᠠᠭᠠᠯᠳᠤᠨ  ᠪᠣᠯᠪᠠᠰᠤᠨ ᠵᠢᠭᠤᠯᠴᠢᠯᠠᠯ ᠤᠨ ᠣᠶᠢᠯᠠᠭᠠᠭᠳᠠᠬᠤᠨ ᠡᠳᠦᠷ ᠢᠷᠡᠬᠦᠶ᠎ᠡ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃  ᠴᠡᠴᠡᠭ ᠡᠪᠡᠰᠦ ᠴᠢᠬᠢ ᠮᠣᠳᠣ ᠶᠢ ᠲᠠᠰᠤᠳᠠᠵᠤ ᠬᠤᠭᠤᠯᠬᠤ ᠦᠭᠡᠢ᠂ ᠤᠯᠠᠨ ᠨᠡᠶᠢᠲᠡ ᠶᠢᠨ ᠲᠠᠯᠠᠪᠤᠷ ᠲᠤ ᠶᠡᠭᠡ ᠲᠠᠭᠤᠨ ᠢᠶᠠᠷ ᠦᠢᠮᠡᠯᠳᠦᠬᠦ ᠦᠭᠡᠢ᠂ ᠲᠡᠦᠬᠡ ᠶᠢᠨ  ᠳᠤᠷᠠᠰᠬᠠᠯᠲᠤ ᠵᠦᠢᠯᠡᠰ ᠢ ᠬᠠᠯᠳᠠᠵᠤ ᠡᠪᠳᠡᠬᠦ ᠦᠭᠡᠢ᠂ ᠲᠠᠮᠠᠬᠢ ᠴᠠᠭᠠᠵᠠᠯᠠᠬᠤ ᠲᠠᠯᠠᠪᠤᠷ ᠲᠤ ᠲᠠᠮᠠᠬᠢ ᠲᠠᠲᠠᠬᠤ ᠦᠭᠡᠢ ᠭᠡᠬᠦ ᠵᠡᠷᠭᠡ ᠨᠢ ᠶᠠᠭ ᠨᠠᠩ ᠤᠯᠠᠨ ᠬᠥᠮᠥᠨ ᠤ  ᠤᠬᠠᠮᠰᠠᠷᠲᠤ ᠠᠵᠢᠯᠯᠠᠭ᠎ᠠ ᠪᠣᠯᠵᠤ ᠪᠠᠶᠢᠨ᠎ᠠ᠃ ᠭᠡᠪᠡᠴᠦ ᠵᠠᠷᠢᠮ ᠪᠣᠯᠪᠠᠰᠤᠨ ᠪᠤᠰᠤ ᠠᠵᠢᠯᠯᠠᠭ᠎ᠠ  ᠦᠷᠭᠦᠯᠵᠢ ᠡᠭᠦᠰᠴᠦ ᠯᠡ ᠪᠠᠶᠢᠳᠠᠭ᠂ ᠵᠢᠱᠢᠶᠡᠯᠡᠪᠡᠯ ᠪᠠᠴᠢᠮ  ᠪᠠᠶᠢᠳᠠᠯ ᠢ ᠠᠷᠭᠠᠴᠠᠭᠠᠬᠤ ᠲᠡᠷᠭᠡᠨ ᠵᠠᠮ ᠢᠶᠠᠷ ᠮᠠᠰᠢᠨ ᠢᠶᠠᠨ ᠵᠢᠯᠤᠭᠤᠳᠬᠤ᠂ ᠡᠯᠳᠡᠪ ᠶᠠᠭᠤᠮ᠎ᠠ ᠪᠠᠨ ᠳᠤᠷ᠎ᠠ ᠪᠠᠷ ᠢᠶᠠᠨ ᠬᠠᠶᠠᠬᠤ᠂ ᠮᠥᠷᠯᠡᠵᠦ ᠪᠠᠶᠢᠭ᠎ᠠ ᠬᠥᠮᠥᠰ ᠤᠨ  ᠡᠩᠨᠡᠭᠡ ᠡᠰᠡᠬᠦᠯ᠎ᠡ ᠠᠶᠠᠯᠠᠵᠤ ᠪᠠᠶᠢᠭ᠎ᠠ ᠲᠡᠷᠭᠡᠨ ᠤ   ᠬᠤᠭᠤᠷᠣᠨᠳᠤ  ᠳᠤᠷ᠎ᠠ ᠪᠠᠨ ᠢᠶᠠᠨ ᠰᠢᠬᠠᠵᠤ ᠣᠷᠣᠬᠤ ᠵᠡᠷᠭᠡ ᠨᠢ ᠶᠠᠪᠤᠵᠤ ᠰᠠᠭᠤᠬᠤ ᠳᠤ ᠬᠠᠷᠰᠢ ᠰᠠᠭᠠᠳ  ᠤᠴᠠᠷᠠᠭᠤᠯᠤᠭᠰᠠᠨ ᠢᠶᠠᠷ ᠪᠠᠷᠠᠬᠤ ᠦᠭᠡᠢ ᠨᠠᠩ ᠴᠤ ᠪᠣᠯᠪᠠᠰᠤᠨ ᠢ︽ᠥᠩᠭᠡ ᠠᠯᠳᠠᠭᠤᠯᠤᠭᠰᠠᠨ︾ ᠪᠠᠶᠢᠨ᠎ᠠ᠃        ᠪᠣᠯᠪᠠᠰᠤᠨ ᠡᠶ᠎ᠡ ᠵᠣᠬᠢᠴᠠᠩᠭᠤᠢ᠂ ᠠᠮᠤᠷ ᠲᠦᠪᠰᠢᠨ ᠡᠮᠬᠢ ᠳᠢᠭᠯᠢᠮ ᠲᠠᠢ ᠣᠷᠴᠢᠨ ᠲᠣᠭᠤᠷᠢᠨ ᠳᠤ  ᠬᠥᠮᠥᠨ ᠪᠦᠭᠦᠨ ᠠᠰᠢᠭ ᠭᠦᠷᠳᠡᠭᠴᠢ ᠪᠤᠯᠬᠤ ᠪᠠᠷ  ᠪᠠᠷᠠᠬᠤ ᠦᠭᠡᠢ ᠪᠠᠰᠠ ᠪᠦᠲᠦᠭᠡᠨ ᠪᠠᠶᠢᠭᠤᠯᠤᠭᠴᠢ ᠪᠣᠯᠣᠨ᠎ᠠ᠃ ᠪᠢᠳᠡ ᠥᠪᠡᠷ ᠤᠨ ᠪᠡᠶ᠎ᠡ ᠳᠡᠭᠡᠨ ᠳᠥᠭᠦᠮ ᠦᠵᠡᠭᠦᠯᠭᠦ ᠪᠠᠷ ᠪᠠᠷᠠᠬᠤ ᠦᠭᠡᠢ ᠪᠠᠰᠠ ᠪᠤᠰᠤᠳ ᠢ  ᠪᠣᠳᠣᠯᠬᠢᠯᠠᠬᠤ ᠳᠤ ᠭᠦᠷᠪᠡᠯ᠂ ᠣᠷᠣ ᠡᠵᠡᠯᠡᠬᠦ᠂ ᠮᠥᠷᠯᠡᠵᠦ ᠪᠠᠶᠢᠭ᠎ᠠ ᠬᠥᠮᠥᠰ ᠤᠨ ᠡᠩᠨᠡᠭᠡ ᠡᠰᠡᠬᠦᠯ᠎ᠡ ᠲᠡᠷᠭᠡᠨ ᠤ ᠬᠤᠭᠤᠷᠣᠨᠳᠤ ᠳᠤᠷ᠎ᠠ ᠪᠠᠨ ᠢᠶᠠᠨ ᠰᠢᠬᠠᠵᠤ ᠣᠷᠣᠬᠤ  ᠦᠢᠯᠡ ᠠᠵᠢᠯᠯᠠᠭ᠎ᠠ ᠨᠠᠩ ᠴᠥᠭᠡᠨ ᠪᠤᠯᠤᠨ᠎ᠠ; ᠪᠢᠳᠡ  ᠶᠣᠰᠣ ᠵᠢᠷᠤᠮ ᠢ ᠦᠯᠦ ᠵᠥᠷᠢᠴᠡᠨ᠂ ᠪᠠᠶᠢᠭᠠᠯᠢ᠂ ᠲᠡᠦᠬᠡ ᠶᠢᠨ ᠳᠤᠷᠠᠰᠬᠠᠯᠲᠤ ᠵᠦᠢᠯᠡᠰ ᠢ ᠢᠯᠡᠭᠦᠬᠡᠨ  ᠬᠦᠨᠳᠦᠳᠬᠡᠨ ᠪᠢᠰᠢᠷᠡᠬᠦ ᠳᠤ ᠭᠦᠷᠪᠡᠯ᠂ ᠦᠰᠦᠭ ᠰᠡᠶᠢᠯᠦᠨ ᠪᠢᠴᠢᠭᠡᠰᠦ ᠦᠯᠡᠳᠡᠭᠡᠵᠦ᠂ ᠮᠠᠴᠤᠵᠤ ᠭᠢᠰᠬᠢᠯᠡᠬᠦ ᠡᠪᠳᠡᠯᠡᠭᠡ ᠨᠡᠩ ᠴᠥᠭᠡᠨ ᠪᠤᠯᠤᠨ᠎ᠠ;   ᠪᠢᠳᠡ︽ᠶᠢᠷᠲᠢᠨᠴᠦ ᠶᠢᠨ ᠲᠦᠮᠡᠨ ᠪᠣᠳᠠᠰ ᠥᠪᠡᠷ ᠥᠪᠡᠷ ᠤᠨ ᠢᠶᠠᠨ ᠣᠨᠴᠠᠯᠢᠭ ᠲᠠᠢ ᠪᠠᠶᠢᠬᠤ ᠨᠢ ᠪᠤᠰᠤᠳᠴᠢ ᠪᠠᠶᠢᠳᠠᠯ ᠪᠣᠯᠣᠨ᠎ᠠ︾ᠭᠡᠳᠡᠭ ᠢ ᠨᠡᠩ ᠭᠦᠨᠵᠡᠭᠡᠢ  ᠣᠶᠢᠯᠠᠭᠠᠵᠤ ᠴᠢᠳᠠᠪᠠᠯ᠂ ᠰᠣᠶᠣᠯ ᠤᠨ ᠮᠥᠷᠭᠦᠯᠳᠦᠭᠡᠨ᠂ ᠠᠳᠡᠭᠦᠦ ᠣᠶᠢᠯᠠᠭᠠᠯᠲᠠ ᠨᠡᠩ ᠴᠥᠭᠡᠨ ᠪᠣᠯᠣᠨ᠎ᠠ ᠁ ᠪᠣᠯᠪᠠᠰᠤᠨ ᠢᠶᠠᠷ  ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠵᠦ᠂ ᠪᠣᠯᠪᠠᠰᠤᠨ ᠮᠣᠷᠠᠯ ᠢ ᠥᠷᠭᠡᠨ ᠢᠶᠠᠷ ᠳᠡᠯᠭᠡᠷᠡᠭᠦᠯᠦᠨ ᠳᠠᠮᠵᠢᠭᠤᠯᠪᠠᠯ᠂  ᠥᠩᠭᠡ ᠦᠵᠡᠮᠵᠢ ᠨᠡᠩ ᠦᠵᠡᠰᠬᠦᠯᠡᠩᠲᠦ ᠰᠠᠶᠢᠬᠠᠨ ᠪᠤᠯᠬᠤ ᠪᠠᠷ  ᠪᠠᠷᠠᠬᠤ ᠦᠭᠡᠢ ᠠᠮᠢᠳᠤᠷᠠᠯ ᠴᠤ ᠨᠡᠩ ᠰᠠᠶᠢᠨ ᠰᠠᠶᠢᠬᠠᠨ ᠪᠣᠯᠵᠤ ᠴᠢᠳᠠᠨ᠎ᠠ᠃        ᠥᠩᠭᠡ ᠦᠵᠡᠮᠵᠢ ᠮᠢᠩᠭ᠎ᠠ ᠲᠦᠮᠡ ᠪᠠᠷ ᠪᠠᠶᠢᠪᠠᠴᠤ  ᠬᠠᠮᠤᠭ ᠤᠨ ᠭᠤᠶᠢᠳᠠ ᠦᠵᠡᠮᠵᠢ ᠨᠢ ᠬᠠᠷᠢᠨ  ᠪᠣᠯᠪᠠᠰᠤᠨ ᠰᠤᠷᠲᠠᠯ ᠪᠣᠯᠣᠨ᠎ᠠ᠃ ᠪᠣᠯᠪᠠᠰᠤᠨ ᠪᠣᠯ  ᠵᠥᠪᠭᠡᠨ ᠤᠷᠢᠶ᠎ᠠ ᠲᠡᠳᠦᠢ ᠪᠢᠰᠢ᠂ ᠬᠠᠷᠢᠨ ᠬᠥᠮᠥᠨ ᠨᠢᠭᠡ ᠪᠦᠷᠢ ᠶᠢᠨ ᠪᠣᠳᠠᠲᠤ ᠠᠵᠢᠯᠯᠠᠭ᠎ᠠ ᠪᠤᠯᠬᠤ ᠶᠣᠰᠣᠲᠠᠢ᠃ ᠪᠢᠳᠡ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠠᠴᠠ ᠭᠠᠷᠳᠠᠵᠤ᠂ ᠥᠪᠡᠷ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠪᠠᠷ ᠢᠶᠠᠨ ᠪᠣᠯᠪᠠᠰᠤᠨ ᠤ ᠦᠵᠡᠰᠬᠦᠯᠡᠩᠲᠦ ᠰᠠᠶᠢᠬᠠᠨ ᠦᠵᠡᠮᠵᠢ ᠶᠢ  ᠬᠠᠮᠲᠤ ᠪᠠᠷ ᠵᠢᠷᠤᠭᠯᠠᠵᠤ᠂ ᠪᠠᠶᠢᠭᠠᠯᠢ ᠶᠢᠨ ᠭᠤᠸ᠎ᠠ ᠰᠠᠶᠢᠬᠠᠨ ᠢ ᠬᠠᠮᠲᠤ ᠪᠠᠷ ᠣᠶᠢᠯᠠᠭᠠᠵᠤ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠬᠠᠮᠲᠤ ᠪᠠᠷ ᠮᠡᠳᠡᠷᠡᠵᠦ᠂  ᠪᠣᠯᠪᠠᠰᠤᠨ ᠤ ᠭᠤᠸ᠎ᠠ ᠰᠠᠶᠢᠬᠠᠨ ᠢ ᠬᠠᠮᠲᠤ ᠪᠠᠷ ᠡᠳ᠋ᠯᠡᠵᠡᠭᠡᠶ᠎ᠡ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ