ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ | ᠰᠤᠷᠤᠯᠴᠠᠨ ᠲᠤᠤᠱᠯᠠᠭᠤᠯᠬᠤ ᠶᠢᠨ ᠲᠥᠯᠥᠭᠡ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠣᠶᠣᠨᠰᠠᠨᠠᠭᠠ᠂ ᠦᠢᠯᠡᠳᠦᠯᠭᠡ ᠪᠠᠨ ᠵᠢᠯᠣᠭᠤᠳᠤᠭᠤᠯᠵᠤ᠂ | ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠦᠨᠳᠦᠰᠦᠯᠡᠭᠦᠯᠦᠨ ᠨᠠᠶᠢᠳᠠᠪᠤᠷᠢᠵᠢᠭᠤᠯᠬᠤ ᠶᠢ ᠪᠠᠲᠣᠲᠠᠢ ᠠᠬᠢᠭᠤᠯᠬᠤ ᠶᠢᠨ ᠲᠦᠯᠦᠭᠡ | ᠣᠶᠢᠷ᠎ᠠ ᠳᠤ᠂ ᠢᠮᠢᠨ ᠭᠤᠣᠯ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠢᠦᠢ ᠵᠢᠶᠠᠨ | ᠶᠦᠩ ᠹᠧᠩ ᠭᠠᠴᠠᠭ᠎ᠠ ᠳᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ︾ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ᠃ | | | | | | ᠤᠬᠠᠭᠤᠯᠤᠨ ᠲᠠᠶᠢᠯᠪᠤᠷᠢᠯᠠᠬᠤ ᠳᠤᠮᠳᠠ᠂ ᠢᠦᠢ ᠵᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠶᠡᠷᠦᠩᠬᠡᠢ ᠱᠠᠭᠠᠷᠳᠠᠯᠭ᠎ᠠ ᠶᠢ ᠬᠡᠷᠬᠢᠨ ᠣᠨᠣᠪᠴᠢᠲᠠᠢ ᠡᠵᠡᠮᠳᠡᠬᠦ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ ᠦᠢᠯᠡᠳᠦᠯᠭᠡ ᠶᠢᠨ ᠠᠷᠭ᠎ᠠ ᠵᠠᠮ ᠢ ᠬᠡᠷᠬᠢᠨ ᠣᠨᠣᠪᠴᠢᠲᠠᠢ | ᠡᠵᠡᠮᠳᠡᠬᠦ ᠬᠤᠶᠠᠷ ᠲᠠᠯ᠎ᠠ ᠪᠠᠷ ᠭᠤᠣᠯᠳᠠᠭᠤᠯᠵᠤ᠂ ᠢᠮᠢᠨ ᠭᠤᠣᠯ ᠪᠠᠯᠭᠠᠰᠤ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠪᠠ᠃ | | | | | | ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠥᠪᠡᠷ ᠤᠨ ᠰᠤᠷᠤᠯᠴᠠᠭᠰᠠᠨ ᠣᠯᠣᠯᠲᠠ | ᠲᠥᠷᠥᠭᠳᠡᠯ ᠢᠶᠠᠨ ᠬᠤᠪᠢᠶᠠᠯᠴᠠᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ ᠰᠠᠶᠢᠲᠤᠷ ᠲᠤᠤᠱᠯᠠᠭᠤᠯᠤᠨ | ᠨᠠᠶᠢᠳᠠᠪᠣᠷᠢᠵᠢᠭᠤᠯᠬᠤ᠂ ᠵᠠᠪᠳᠣᠨ ᠰᠤᠷᠣᠯᠴᠠᠬᠤ᠂ ᠭᠦᠨᠵᠡᠭᠡᠢ ᠰᠣᠳᠣᠯᠬᠤ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠪᠠᠶᠠᠯᠢᠭ ᠠᠭᠤᠯᠤᠭᠳᠠᠬᠤᠨ ᠢ ᠭᠦᠨᠵᠡᠭᠡᠢ | ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠤᠶᠢᠰᠢᠳᠠ ᠶᠢᠨ | ᠬᠥᠭᠵᠢᠯᠲᠡ ᠶᠢᠨ ᠬᠥᠳᠡᠯᠭᠡᠬᠦ ᠬᠦᠴᠦᠨ ᠪᠣᠯᠣᠨ ᠠᠵᠢᠯᠯᠠᠭᠠᠨ ᠤ ᠪᠠᠨ ᠭᠠᠷᠳᠠᠴᠠ ᠪᠣᠯᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠤᠬᠠᠭᠤᠯᠤᠭᠰᠠᠨ ᠳᠠᠭᠤᠷᠢᠶᠠᠯ ᠪᠣᠯᠣᠨ᠎ᠠ ᠭᠡᠵᠦ ᠰᠠᠨᠠᠯ ᠨᠢᠭᠡᠲᠡᠢ | ᠢᠯᠡᠳᠬᠡᠵᠡᠭᠡᠪᠡ᠃ |