ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠲᠠ ᠶᠢᠨ ᠳᠠᠭᠠᠭᠠᠨ ᠬᠠᠷᠢᠭᠤᠴᠠᠯᠭ᠎ᠠ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ ᠵᠣᠣ ᠳ᠋ᠠ ᠹᠦ᠋ ᠬᠤᠶ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/14
    11 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠲᠠ ᠶᠢᠨ ᠳᠠᠭᠠᠭᠠᠨ ᠬᠠᠷᠢᠭᠤᠴᠠᠯᠭ᠎ᠠ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ ᠵᠣᠣ ᠳ᠋ᠠ ᠹᠦ᠋ ᠪᠦᠯᠬᠦᠮ ᠳᠠᠭᠠᠭᠤᠯᠤᠨ ᠬᠤᠶ ᠰᠤᠮᠤ ᠳᠤ ᠭᠦᠨᠵᠡᠭᠡᠶᠢᠷᠡᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠢ ᠰᠤᠮᠤ ᠶᠢᠨ ᠬᠤᠢ ᠳ᠋ᠣᠣ ᠭᠠᠴᠠᠭ᠎ᠠ᠂ ᠲᠤᠬᠠᠢ ᠭᠠᠴᠠᠭ᠎ᠠ ᠪᠠᠷ ᠬᠦᠷᠴᠦ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ᠂ ᠭᠠᠴᠠᠭ᠎ᠠ ᠶᠢᠨ ᠡᠳ᠋ ᠬᠥᠷᠥᠩᠭᠡ ᠶᠢᠨ ᠡᠵᠡᠩᠨᠡᠯᠲᠡ᠂ ᠬᠠᠮᠲᠤ ᠶᠢᠨ ᠠᠰᠢᠭ ᠣᠷᠣᠯᠭ᠎ᠠ ᠪᠠ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠤᠢ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠣᠨᠣᠰᠪᠠ᠃    ᠪᠠᠶᠢᠴᠠᠭᠠᠨ ᠰᠤᠳᠤᠯᠬᠤ ᠶᠠᠪᠤᠴᠠ ᠳᠤ᠂ ᠵᠤᠤ ᠳ᠋ᠠ ᠹᠦ᠋ ᠨᠠᠷ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠣᠳᠣᠬᠠᠨ ᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠰᠤᠳᠤᠯᠤᠨ ᠶᠠᠷᠢᠯᠴᠠᠪᠠ᠃ ᠵᠣᠣ ᠳ᠋ᠠ ᠹᠦ᠋ ᠴᠢᠬᠤᠯᠠᠴᠢᠯᠠᠬᠤ ᠳᠠᠭᠠᠨ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠦᠨᠳᠦᠰᠦᠨ ᠵᠣᠷᠢᠯᠭ᠎ᠠ ᠪᠣᠯ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠥᠪᠡᠷ ᠤᠨ ᠥᠷᠲᠡᠭ ᠢ ᠪᠠᠭᠠᠰᠬᠠᠵᠤ᠂ ᠣᠷᠣᠯᠭ᠎ᠠ ᠶᠢ ᠨᠡᠮᠡᠭᠳᠡᠭᠦᠯᠦᠨ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ ᠭᠡᠵᠡᠢ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠠᠵᠢᠯ ᠢᠶᠠᠨ ᠪᠤᠲᠠᠳᠠᠶᠢᠵᠢᠭᠤᠯᠬᠤ ᠪᠠ ᠨᠠᠷᠢᠭᠵᠢᠭᠤᠯᠬᠤ ᠡᠭᠦᠳᠡᠨ ᠠᠴᠠ ︽ᠬᠥᠷᠥᠩᠭᠡ ᠨᠦᠭᠡᠴᠡ︾ ᠶᠢ ᠣᠶᠢᠯᠠᠭᠠᠵᠤ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠳ ᠤᠨ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠡᠳ᠋ ᠬᠥᠷᠥᠩᠭᠡ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ ᠶᠢ ᠭᠦᠨᠵᠡᠭᠡᠢ ᠲᠦᠯᠬᠢᠨ ᠠᠬᠢᠭᠤᠯᠵᠤ᠂ ︽ᠨᠢᠭᠡ ᠡᠷᠴᠢᠮ ᠳᠡᠭᠡᠰᠦ︾  ᠪᠣᠯᠭᠠᠨ ᠡᠷᠴᠢᠮᠵᠢᠭᠦᠯᠵᠦ᠂ ︽ᠭᠠᠭᠴᠠ ᠬᠥᠮᠥᠨ ᠤ  ᠵᠦᠴᠦᠭᠡ︾ ᠵᠦᠴᠦᠭᠡᠯᠡᠬᠦ ᠦᠭᠡᠢ ᠪᠠᠶᠢᠯᠭᠠᠬᠤ ᠬᠡᠷᠡᠭᠲᠡᠢ᠃    ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠢᠯᠡᠷᠬᠡᠶᠢᠯᠡᠬᠦ ᠳᠡᠭᠡᠨ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠣᠯ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠮᠠᠯᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠡᠷᠡᠰ ᠲᠤᠤᠱᠯᠠᠭᠤᠯᠵᠤ᠂ ᠬᠤᠳᠠ ᠶᠢᠨ ᠳᠠᠭᠠᠭᠠᠨ ᠬᠠᠷᠢᠭᠤᠴᠠᠯᠭ᠎ᠠ ᠶᠢᠨ ᠠᠵᠢᠯᠯᠠᠬᠤ ᠳᠤᠭᠤᠶᠢᠯᠠᠩ ᠤᠨ ᠠᠵᠢᠯ  ᠤᠨ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠮᠠᠯᠴᠢᠳ ᠤᠨ ᠬᠦᠰᠡᠯ ᠪᠣᠳᠣᠯ ᠢ ᠭᠦᠢᠴᠡᠳ ᠬᠦᠨᠳᠦᠳᠬᠡᠵᠦ᠂ ᠲᠤᠰᠬᠠᠢ ᠮᠡᠷᠭᠡᠵᠢᠯᠲᠡᠳ ᠤᠨ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠨᠤᠲᠤᠭ ᠪᠡᠯᠴᠢᠭᠡᠷ ᠤᠨ ᠬᠡᠳᠦ ᠮᠠᠯᠵᠢᠬᠤ ᠠᠰᠠᠭᠤᠳᠠᠯ  ᠢ ᠰᠢᠰᠲ᠋ᠧᠮ ᠲᠠᠢ ᠪᠠᠷ ᠰᠢᠢᠳᠪᠦᠷᠢᠯᠡᠭᠰᠡᠨ ᠪᠣᠳᠠᠲᠤ ᠦᠷ᠎ᠡ ᠠᠰᠢᠭ ᠢᠶᠠᠷ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ  ᠭᠡᠪᠡ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ