ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠴᠢᠬᠢ ᠮᠣᠳᠣ ᠬᠠᠨᠳᠢᠪᠯᠡᠵᠤ  ᠬᠥᠳᠡᠭᠡ ᠲᠣᠰᠬᠤᠨ  ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠲᠣᠰᠠᠯᠠᠪᠠ
ᠨᠡᠶᠢᠲᠡᠯᠡᠭᠰᠡᠨ ᠴᠠᠭ᠄
2024/11/14
    ᠪᠠᠶᠠᠨᠲᠤᠬᠠᠢ ᠪᠠᠯᠭᠠᠰᠤ ᠶᠢᠨ ᠪᠦᠯᠬᠦᠮᠳᠡᠯ ᠭᠠᠴᠠᠭ᠎ᠠ ᠠᠵᠤ ᠠᠬᠤᠶᠢᠯᠠᠯ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠢᠳᠡᠪᠬᠢᠲᠡᠢ ᠪᠠᠷ ᠲᠠᠶᠢᠴᠢᠯᠠᠨ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯ ᠳᠤ ᠣᠷᠣᠯᠴᠠᠭᠤᠯᠵᠠᠢ᠃ ᠣᠶᠢᠷ᠎ᠠ ᠳᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠬᠤ ᠬᠥᠯᠥᠨ ᠪᠤᠶᠢᠷ ᠤᠨ ᠵᠢᠶᠠ ᠫᠧᠩ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ 5968 ᠰᠠᠭᠤᠷᠢ ᠵᠤᠯᠵᠠᠭ᠎ᠠ ᠮᠣᠳᠣ ᠬᠠᠨᠳᠢᠪᠯᠡᠵᠤ᠂ ᠭᠠᠴᠠᠭ᠎ᠠ ᠶᠢ ᠳᠡᠮᠵᠢᠨ ︽ᠪᠣᠬᠢᠷᠲᠤᠯ ᠦᠭᠡᠢ ᠬᠥᠳᠡᠭᠡ ᠲᠣᠰᠬᠤᠨ︾ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠵᠠᠭᠤ ᠮᠢᠩᠭᠠᠨ ᠲᠦᠮᠡᠨ ᠢᠨᠵᠧᠨᠧᠷᠢᠩ︾  ᠤᠨ ᠬᠠᠮᠤᠭ ᠤᠨ ᠭᠤᠶᠣ ᠰᠠᠭᠤᠷᠢ ᠥᠩᠭᠡ ᠨᠡᠮᠡᠷᠢᠯᠡᠪᠡ᠃    ᠲᠤᠰ ᠤᠳᠠᠭᠠᠨ ᠤ ᠪᠡᠯᠡᠭᠯᠡᠭᠰᠡᠨ ᠵᠤᠯᠵᠠᠭ᠎ᠠ ᠮᠣᠳᠣ ᠨᠢ ᠭᠠᠴᠤᠷ᠎ᠠ᠂ ᠤᠰᠤᠨ ᠮᠦᠭᠡᠲᠦ ᠭᠡᠬᠦ ᠬᠤᠶᠠᠷ ᠵᠦᠢᠯ ᠪᠦᠭᠡᠳ ᠶᠡᠷᠦᠩᠬᠡᠢ ᠥᠷᠲᠡᠭ ᠨᠢ 3.6 ᠲᠦᠮᠡᠨ ᠲᠥᠭᠦᠷᠢᠭ ᠪᠣᠯᠣᠨ᠎ᠠ᠃ ᠭᠠᠴᠤᠷᠠ᠂ ᠤᠰᠤᠨ  ᠮᠦᠭᠡᠲᠦ ᠨᠢ ᠬᠠᠬᠢᠷ ᠬᠦᠢᠲᠡᠨ᠂ ᠭᠠᠩ ᠬᠠᠭᠰᠠᠷᠠᠭᠠᠨ ᠢ ᠳᠠᠭᠠᠭᠠᠬᠤ᠂ ᠥᠰᠦᠯᠲᠡ ᠨᠢ ᠲᠦᠷᠭᠡᠨ᠂ ᠦᠨᠳᠦᠰᠦ ᠶᠢᠨ ᠰᠢᠰᠲ᠋ᠧᠮ ᠨᠢ ᠬᠥᠭᠵᠢᠭᠰᠡᠨ ᠣᠨᠴᠠᠯᠢᠭ ᠲᠠᠢ᠂ ᠬᠥᠷᠥᠰᠥ ᠰᠢᠷᠣᠢ ᠶᠢᠨ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ᠂ ᠢᠮᠢᠨ ᠭᠤᠣᠯ ᠤᠨ ᠬᠥᠪᠡᠭᠡᠨ ᠳᠠᠬᠢ ᠪᠦᠯᠬᠦᠮᠳᠡᠯ ᠭᠠᠴᠠᠭ᠎ᠠ ᠳᠤ ᠲᠤᠬᠢᠷᠠᠨ᠎ᠠ᠃ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠬᠥᠳᠡᠭᠡ ᠲᠣᠰᠬᠤᠨ ᠢ ᠨᠣᠭᠤᠭᠠᠷᠠᠭᠤᠯᠵᠤ ᠮᠣᠳᠣ ᠳᠠᠷᠢᠬᠤ ᠠᠵᠢᠯᠯᠠᠭ᠎ᠠ ᠶᠢ ᠬᠥᠲᠥᠯᠥᠨ ᠳᠠᠭᠠᠭᠤᠯᠵᠤ᠂ ᠠᠵᠤ ᠠᠬᠤᠶᠢᠯᠠᠯ ᠤᠨ ᠬᠠᠨᠳᠢᠪᠯᠡᠭ᠌ᠰᠠᠨ ᠵᠤᠯᠵᠠᠭ᠎ᠠ ᠮᠣᠳᠣ ᠶᠢ ᠵᠠᠭᠤᠨ ᠡᠷᠦᠬᠡ ᠳᠤ ᠲᠠᠷᠢᠵᠤ ᠤᠷᠭᠤᠭᠤᠯᠤᠨ᠎ᠠ᠃ ᠰᠢᠨ᠎ᠡ ᠪᠠᠷ ᠵᠠᠶᠢᠯᠠᠭᠰᠠᠨ ᠬᠠᠶᠢᠷ᠎ᠠ ᠬᠠᠯᠠᠮᠵᠢ ᠶᠢᠨ ᠵᠤᠯᠵᠠᠭ᠎ᠠ ᠮᠣᠳᠣ ᠰᠠᠯᠬᠢᠨ ᠡᠰᠡᠷᠭᠦᠯᠡᠵᠦ᠂ ᠠᠮᠢᠵᠢᠷᠠᠯ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠦᠵᠡᠮᠵᠢ ᠪᠦᠷᠢᠳᠦᠭᠦᠯᠪᠡ᠃     ᠪᠠᠶᠠᠨᠲᠤᠬᠠᠢ ᠪᠠᠯᠭᠠᠰᠤ ᠶᠢᠨ ᠪᠦᠯᠬᠦᠮᠳᠡᠯ ᠭᠠᠴᠠᠭ᠎ᠠ ᠶᠢᠨ ᠬᠢᠨ ᠪᠣᠬᠢᠷᠲᠤᠯ ᠦᠭᠡᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠦᠵᠡᠰᠬᠦᠯᠡᠩᠲᠦ ᠣᠷᠴᠢᠨ ᠢ ᠰᠠᠨᠠᠭᠠᠴᠢᠯᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠲᠠᠶᠢᠴᠢᠯᠠᠨ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠳᠤ ᠣᠷᠣᠯᠴᠠᠭᠤᠯᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠣᠬᠢᠷᠲᠤᠯ ᠦᠭᠡᠢ ᠡᠨᠧᠷᠭᠢ ᠬᠠᠩᠭᠠᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ