| 11 ᠳ᠋ᠣᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠯᠭᠠᠨ ᠠᠪᠬᠤ ᠳᠤᠭᠤᠶᠢᠯᠠᠩ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠪᠠᠷᠢᠯᠭ᠎ᠠ ᠳᠠᠭᠤᠰᠤᠭᠰᠠᠨ ᠳᠤ ᠲᠤᠬᠠᠢ ᠶᠢᠨ ᠭᠠᠵᠠᠷ ᠲᠤᠨᠢ ᠰᠢᠯᠭᠠᠪᠠ᠃ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠶᠡᠷᠦᠩᠬᠡᠢ ᠢᠨᠵᠧᠨᠧᠷ ᠺᠠᠩ ᠶᠠ ᠨᠠᠨ ᠪᠦᠯᠬᠦᠮ ᠳᠠᠭᠠᠭᠤᠯᠤᠨ᠂ | ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠪᠠ ᠢᠯᠠᠨ ᠭᠠᠴᠠᠭ᠎ᠠ ᠳᠤ ᠭᠦᠨᠵᠡᠭᠡᠶᠢᠷᠡᠨ ᠰᠤᠭᠤᠴᠢᠨ ᠪᠠᠶᠢᠴᠠᠭᠠᠨ ᠮᠠᠨ ᠤ ᠬᠤᠰᠢᠭᠤᠨ ᠤ ᠷᠠᠳᠢᠣ᠋ ᠲᠠᠪᠴᠠᠩ ᠤᠨ | ᠪᠠᠶᠢᠭᠤᠯᠤᠯᠲᠠ ᠶᠢᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠨᠣᠷᠮ᠎ᠠ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ | ᠨᠡᠪᠲᠡᠷᠡᠭᠦᠯᠭᠡ ᠶᠢᠨ ᠬᠡᠰᠡᠭ ᠤᠨ ᠠᠵᠢᠯᠯᠠᠭᠠᠨ ᠤ ᠪᠠᠶᠢᠳᠠᠯ᠂ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠳᠦᠷᠢᠮ᠂ ᠠᠵᠢᠯᠲᠠᠨ ᠤ ᠪᠣᠯᠪᠠᠰᠤᠷᠠᠯ ᠤᠨ ᠪᠠᠶᠢᠳᠠᠯ᠂ | ᠦᠨᠳᠦᠰᠦᠨ ᠱᠠᠲᠤᠨ ᠤ ᠠᠵᠢᠯᠲᠠᠨ ᠤ ᠬᠡᠷᠡᠭᠯᠡᠯᠲᠡ ᠶᠢᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠰᠢᠯᠭᠠᠪᠠ᠃ | ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠬᠠᠮᠢᠶᠠᠷᠤᠯᠲᠠ ᠶᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠭᠦᠯᠴᠢ ᠶᠢᠨ | ᠬᠤᠭᠤᠴᠠᠭᠠᠨ ᠤ ᠠᠵᠢᠯᠯᠠᠭᠠᠨ ᠤ ᠬᠠᠷᠰᠢ ᠰᠠᠭᠠᠳ ᠢ ᠬᠠᠮᠠᠭᠠᠯᠠᠬᠤ ᠶᠢ ᠴᠢᠩᠭᠠᠳᠬᠠᠨ᠂ ︽ᠪᠠᠶᠢᠭᠤᠯᠬᠤ︾ ︽ᠬᠠᠮᠢᠶᠠᠷᠬᠤ︾ ︽ᠬᠡᠷᠡᠭᠯᠡᠬᠦ︾ ᠶᠢ ᠵᠡᠷᠭᠡᠪᠡᠷ ᠶᠠᠪᠤᠭᠳᠠᠭᠤᠯᠬᠤ ᠶᠢ | ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠭᠠᠮᠰᠢᠭ ᠢ ᠰᠡᠷᠭᠡᠶᠢᠯᠡᠨ ᠪᠠᠭᠠᠰᠬᠠᠬᠤ᠂ ᠠᠶᠤᠯ ᠠᠴᠠ ᠠᠪᠤᠷᠠᠨ ᠲᠣᠰᠠᠯᠠᠬᠤ ᠵᠡᠷᠭᠡ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ |