ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠠᠷᠭᠠᠴᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠠᠮᠤᠷ ᠲᠦᠪᠰᠢᠨ ᠡᠮᠬᠢ ᠳᠢᠭᠯᠢᠮ ᠤᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 12 ᠤᠨ | ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠰᠦᠷᠳᠡᠭᠦᠯᠦᠯ ᠢ ᠡᠰᠡᠷᠭᠦᠴᠡᠬᠦ | ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠬᠢᠵᠡᠢ᠃ ᠬᠤᠰᠢᠭᠤᠨ ᠤ ᠤᠳᠤᠷᠢᠳᠤᠯᠭ᠎ᠠ ᠢᠦᠢ ᠵᠢᠶᠠᠨ᠂ ᠭᠧᠩ ᠶᠣᠣ ᠲᠢᠩ ᠣᠷᠣᠯᠴᠠᠪᠠ᠃ | | | | | ᠲᠤᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠶᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠵᠢᠯᠴᠠᠭ᠎ᠠ ᠪᠠᠷ ᠤᠷᠤᠭᠰᠢᠲᠠᠢ ᠥᠷᠨᠢᠭᠦᠯᠵᠦ᠂ ᠰᠣᠷᠢᠯᠲᠠ ᠪᠠᠷ | ᠳᠡᠮᠵᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ | ᠲᠣᠰᠬᠠᠢ ᠴᠠᠭᠳᠠᠭ᠎ᠠ ᠶᠢᠨ ᠶᠡᠭᠡ ᠠᠩᠭᠢ ᠶᠢᠨ ᠬᠢᠨ ᠬᠢᠲᠤᠭ᠎ᠠ ᠰᠦᠬᠡ ᠬᠦᠳᠡᠯᠭᠡᠨ ᠬᠢᠲᠤᠬᠤ ᠪᠠᠴᠢᠮ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠴᠢᠩᠭᠠᠳᠬᠠᠵᠤ᠂ ᠮᠠᠨ ᠤ ᠬᠤᠰᠢᠭᠤᠨ ᠤ ᠬᠦᠴᠦᠷᠬᠡᠭᠯᠡᠯ᠂ ᠰᠦᠷᠳᠡᠭᠦᠯᠦᠯ ᠤᠨ ᠬᠡᠷᠡᠭ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠷᠢᠶᠠᠲᠤ | ᠣᠷᠣᠨ ᠤ ᠠᠮᠤᠷ ᠲᠦᠪᠰᠢᠨ ᠤ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠠᠲᠣᠯᠠᠨ᠎ᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ | ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠯᠣᠮᠵᠢᠲᠤ ᠴᠢᠨᠠᠷ ᠢ | ᠰᠢᠯᠭᠠᠨ ᠪᠠᠶᠢᠴᠠᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ | | | | | | ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ 28 ᠨᠢᠭᠡᠴᠡ | ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢᠨ ᠦᠵᠡᠭᠦᠯᠦᠯᠭᠡ ᠳᠤ ᠣᠷᠣᠯᠴᠠᠵᠠᠢ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ᠲᠠᠶᠢᠯᠪᠤᠷᠢᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ | ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ |