ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠪᠣᠯ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠪᠯᠡᠯ ᠪᠤᠯᠤᠨ᠎ᠠ᠃ ᠨᠠᠮ ᠤᠨ ᠴᠢᠭᠯᠡᠯᠲᠡ᠂ ᠲᠥᠷᠥ ᠶᠢᠨ | ᠪᠣᠳᠣᠯᠭ᠎ᠠ᠂ ᠣᠯᠠᠨ ᠲᠦᠮᠡᠨ ᠤ ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠢᠴᠢᠭ ᠮᠠᠲ᠋ᠧᠷᠢᠶᠠᠯ᠂ ᠮᠡᠳᠡᠭᠡ ᠵᠠᠩᠭᠢ᠂ ᠣᠷᠣᠨ ᠨᠤᠲᠤᠭ ᠤᠨ | ᠲᠡᠦᠬᠡ ᠶᠢᠨ ᠲᠤᠯᠭᠤᠷ ᠪᠢᠴᠢᠭ᠂ ᠦᠨᠳᠦᠰᠦᠲᠡᠨ ᠤ ᠤᠳᠬ᠎ᠠ ᠤᠷᠠᠯᠢᠭ᠂ ᠵᠢᠭᠤᠯᠴᠢᠯᠠᠯ ᠵᠡᠷᠭᠡ ᠠᠭᠤᠯᠭ᠎ᠠ ᠶᠢ ᠮᠡᠳᠡᠭᠡᠯᠡᠬᠦ ᠪᠦᠭᠡᠳ ᠡᠳᠦᠷ ᠲᠤᠲᠤᠮ ᠤᠨ ᠮᠡᠳᠡᠭᠡ | ᠵᠠᠩᠭᠢ ᠶᠢ ᠰᠢᠨᠡᠳᠬᠡᠬᠦ᠂ ᠮᠠᠲ᠋ᠧᠷᠢᠶᠠᠯ ᠰᠣᠩᠭᠤᠨ ᠨᠠᠶᠢᠷᠠᠭᠤᠯᠬᠤ᠂ ᠤᠷᠴᠢᠭᠤᠯᠣᠨ ᠲᠤᠪᠯᠠᠬᠤ᠂ ᠰᠦᠯᠵᠢᠶᠡᠨ ᠳᠤ ᠭᠠᠷᠭᠠᠬᠤ᠂ ᠵᠠᠰᠠᠪᠤᠷᠢ ᠣᠷᠣᠭᠤᠯᠬᠤ᠂ ᠬᠢᠨᠠᠨ | ᠬᠠᠷᠭᠤᠭᠤᠯᠵᠤ ᠬᠠᠮᠢᠶᠠᠷᠬᠤ ᠵᠡᠷᠭᠡ ᠲᠠᠯ᠎ᠠ ᠪᠠᠷ ᠠᠵᠢᠯᠯᠠᠳᠠᠭ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠮᠣᠩᠭᠤᠯ ᠬᠡᠯᠡᠨ ᠤ ᠰᠦᠯᠵᠢᠶ᠎ᠡ ᠶᠢ ᠠᠬᠢᠭᠤᠯᠬᠤ ᠪᠠ ᠬᠠᠮᠢᠶᠠᠷᠤᠬᠤ ᠠᠵᠢᠯ ᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠬᠤ ᠲᠠᠰᠤᠭ ᠠᠴᠠ ᠪᠣᠳᠠᠲᠠᠢ ᠬᠠᠷᠢᠭᠤᠴᠠᠵᠣ ᠪᠠᠶᠢᠨ᠎ᠠ᠃ | | | | | | 11 ᠰᠠᠷ᠎ᠠ ᠶᠢᠨ 13 ᠤ ᠡᠳᠦᠷ ᠡᠸᠡᠩᠭᠢ ᠬᠤᠰᠢᠭᠤᠨ ᠤ ᠪᠠᠶᠠᠨᠲᠤᠬᠤᠢ ᠪᠠᠯᠭᠠᠰᠤᠨ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠤᠷᠴᠢᠭᠤᠯᠭ᠎ᠠ ᠶᠢᠨ ᠰᠠᠯᠠᠭ᠎ᠠ ᠶᠢᠨ ᠬᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠸᠢᠴᠠᠲ ᠲᠠᠪᠴᠠᠩ ᠢ ᠦᠨᠳᠦᠰᠦᠨ | ᠱᠠᠳᠤᠨ ᠳᠤ ᠳᠡᠯᠭᠡᠷᠡᠭᠦᠯᠦᠨ ᠲᠦᠭᠡᠮᠡᠯᠵᠢᠬᠦᠯᠬᠦ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶᠡᠨ ᠤ ᠠᠵᠢᠯᠲᠠᠳ ᠠᠴᠠ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠳᠤ | ᠤᠬᠠᠭᠤᠯᠭ᠎ᠠ ᠶᠢᠨ ᠮᠠᠲ᠋ᠧᠷᠢᠶᠡᠯ ᠲᠠᠷᠬᠠᠭᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ | ᠮᠤᠩᠭᠤᠯ ᠰᠦᠯᠵᠢᠶ᠎ᠡ ᠪᠠ ᠸᠢᠴᠠᠲ ᠲᠠᠪᠴᠠᠩ ᠤᠨ ᠤᠨᠴᠠᠯᠢᠭ᠂ ᠴᠢᠳᠠᠮᠵᠢ ᠵᠢᠴᠢ ᠡᠷᠴᠢᠮᠵᠢᠭᠦᠯᠦᠭᠰᠡᠨ ᠪᠠᠶᠢᠳᠠᠯ ᠤᠨ ᠲᠣᠬᠠᠢ ᠨᠠᠷᠢᠨ ᠲᠠᠶᠢᠯᠪᠤᠷᠢᠯᠠᠪᠠ᠃ | | | | | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠳᠠ ᠶᠢᠨ | ᠪᠠᠶᠢᠭᠤᠯᠤᠯᠳᠠ ᠶᠢᠨ ᠲᠤᠬᠠᠢ ᠬᠠᠯᠠᠭᠤᠨ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠭᠦᠨᠵᠡᠭᠡᠢ ᠤᠶᠢᠯᠠᠭᠠᠬᠤ ᠶᠢᠨ ᠬᠠᠮᠲᠤ ᠪᠠᠰᠠ ᠡᠷᠬᠢᠮ ᠨᠠᠨᠳᠢᠨ ᠰᠠᠨᠠᠯ | ᠳᠤᠷᠠᠳᠤᠯᠭ᠎ᠠ ᠶᠢ ᠬᠤᠷᠠᠮᠳᠤᠭᠤᠯᠵᠤ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠬᠤᠶᠢᠰᠢᠳᠠ ᠶᠢᠨ ᠬᠦᠭᠵᠢᠯᠲᠡ ᠶᠢᠨ ᠴᠢᠭᠯᠡᠯ ᠪᠠ ᠠᠵᠢᠯ ᠤᠨ | ᠭᠤᠤᠯᠳᠠᠯᠭ᠎ᠠ ᠶᠢ ᠤᠯᠠᠮ ᠳᠤᠳᠤᠷᠬᠠᠢ ᠪᠤᠯᠭᠠᠵᠠᠢ᠃ ᠬᠤᠶᠢᠰᠢᠳᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠠᠯᠪᠠᠨ ᠭᠡᠷ ᠤᠨ ᠤᠷᠴᠢᠭᠤᠯᠭ᠎ᠠ ᠶᠢᠨ ᠰᠠᠯᠠᠭ᠎ᠠ ᠤ ᠬᠢᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠦᠢᠯᠡᠴᠢᠯᠡᠭᠡ ᠪᠠ ᠪᠠᠶᠢᠭᠤᠯᠤᠯᠳᠠ ᠶᠢ | ᠠᠯᠬᠤᠮ ᠴᠢᠨᠠᠭᠰᠢᠳᠠ ᠴᠢᠨᠠᠷᠵᠢᠭᠤᠯᠵᠤ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠮᠡᠳᠡᠭᠡ | ᠵᠠᠩᠭᠢᠵᠢᠯᠳᠠ ᠶᠢᠨ ᠬᠡᠷᠡᠭᠴᠡᠭᠡ ᠱᠠᠭᠠᠷᠳᠠᠯᠭ᠎ᠠ ᠳᠤ ᠤᠯᠠᠮ ᠰᠠᠶᠢᠨ ᠦᠢᠯᠡᠴᠢᠯᠡᠬᠦ ᠪᠠᠷ ᠪᠡᠯᠡᠬᠡᠨ ᠪᠠᠶᠢᠨ᠎ᠠ᠃ | | |