ᠬᠤᠪᠢᠰᠬᠠᠯᠴᠢᠳ ᠤᠨ ᠴᠠᠳᠢᠭ - ᠸᠠᠩ ᠱᠢ ᠰᠢᠨ
ᠨᠡᠶᠢᠲᠡᠯᠡᠭᠰᠡᠨ ᠴᠠᠭ᠄
2024/11/19
        ᠸᠠᠩ ᠱᠢ ᠰᠢᠨ ︵1928-1949.7.24︶᠂ ᠡᠷᠭᠦᠭᠰᠡᠨ ᠨᠡᠷ᠎ᠡ ᠵᠧᠨ ᠪᠦᠦ᠂ ᠡᠷᠡᠭᠲᠡᠢ᠂ ᠬᠢᠲᠠᠳ ᠦᠨᠳᠦᠰᠦᠲᠡᠨ᠂ ᠪᠡᠭᠡᠵᠢᠩ ᠤᠨ ᠲᠦᠩ  ᠰᠢᠶᠠᠨ ᠤ ᠬᠥᠮᠥᠨ᠃ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠸᠠᠩ ᠱᠢ ᠰᠢᠨ ᠴᠢᠭᠤᠯᠤᠯᠲᠤ ᠬᠠᠭᠠᠯᠭ᠎ᠠ ᠶᠢᠨ ᠲᠡᠮᠦᠷ ᠵᠠᠮ ᠤᠨ ᠴᠠᠬᠢᠯᠭᠠᠨ ᠮᠡᠳᠡᠭᠡᠨ ᠤ  ᠰᠠᠯᠠᠭᠠᠨ ᠳᠤ ᠰᠢᠯᠭᠠᠨ ᠣᠷᠣᠵᠤ᠂ ᠲᠡᠭᠦᠰᠦᠭᠰᠡᠨ ᠤ ᠳᠠᠷᠠᠭ᠎ᠠ ᠫᠢᠩ ᠳ᠋ᠢ ᠴᠢᠤᠸᠠᠨ ᠲᠡᠮᠦᠷ ᠵᠠᠮ ᠤᠨ ᠰᠣᠨᠢᠨ ᠤ ᠥᠷᠥᠭᠡᠨ ᠳᠤ ᠠᠵᠢᠯᠯᠠᠵᠠᠢ᠃        1945 ᠣᠨ ᠤ 8 ᠳ᠋ᠤᠭᠠᠷ ᠰᠠᠷ᠎ᠠ ᠳᠤ ᠸᠠᠩ ᠱᠢ ᠰᠢᠨ ᠬᠤᠪᠢᠰᠬᠠᠯ ᠳᠤ ᠣᠷᠣᠯᠴᠠᠵᠤ᠂ ᠫᠢᠩ ᠳ᠋ᠢ ᠴᠢᠤᠸᠠᠨ ᠲᠡᠮᠦᠷ ᠵᠠᠮ ᠤᠨ ᠬᠠᠮᠢᠶᠠᠷᠤᠯᠲᠠ ᠶᠢᠨ  ᠰᠠᠯᠠᠭ᠎ᠠ ᠳᠤ ᠠᠵᠢᠯᠯᠠᠪᠠ᠃ 1946 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ 6 ᠳ᠋ᠤᠭᠠᠷ ᠰᠠᠷ᠎ᠠ ᠳᠤ᠂ ᠭᠤᠮᠢᠨᠳᠠᠩ ᠤᠨ  ᠲᠡᠷᠰᠯᠡᠭᠦᠴᠦᠳ ᠳᠣᠲᠣᠭᠠᠳᠤ ᠶᠢᠨ ᠳᠠᠶᠢᠨ ᠢ ᠥᠳᠥᠭᠡᠵᠦ᠂ ᠮᠠᠨ ᠤ ᠴᠡᠷᠢᠭ ᠵᠢᠨᠢᠩ ᠠᠴᠠ ᠤᠬᠤᠷᠢᠵᠤ ᠱᠠᠨ ᠰᠢ ᠶᠢᠨ ᠪᠠᠷᠠᠭᠤᠨ ᠬᠤᠶᠢᠲᠤ ᠬᠡᠰᠡᠭ ᠵᠦᠭ ᠰᠢᠯᠵᠢᠬᠦ  ᠦᠶ᠎ᠡ ᠳᠤ᠂ ᠸᠠᠩ ᠱᠢ ᠰᠢᠨ ᠴᠡᠷᠢᠭ ᠢ ᠳᠠᠭᠠᠵᠤ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠯᠠᠨ ᠰᠢᠶᠠᠨ ᠳᠤ ᠬᠦᠷᠴᠦ᠂ ᠰᠡᠭᠦᠯᠡᠷ ᠨᠢ ᠰᠦᠢᠶᠤᠸᠠᠨ  ᠲᠤᠷᠰᠢᠯᠲᠠ ᠶᠢᠨ ᠰᠤᠷᠭᠠᠭᠤᠯᠢ ᠳᠤ ᠰᠤᠷᠤᠯᠴᠠᠪᠠ᠃        1947 ᠣᠨ ᠤ 11 ᠳ᠋ᠦ᠋ᠭᠡᠷ ᠰᠠᠷ᠎ᠠ ᠳᠤ ᠲᠡᠷᠡ ᠴᠡᠷᠢᠭ ᠤᠨ ᠠᠵᠢᠯᠯᠠᠬᠤ ᠪᠦᠯᠬᠦᠮ ᠢᠶᠠᠨ ᠳᠠᠭᠠᠵᠤ ᠱᠠᠨ ᠰᠢ ᠶᠢᠨ ᠳᠤᠮᠳᠠ ᠬᠡᠰᠡᠭ ᠤᠨ  ᠳᠠᠶᠢᠯᠠᠯᠳᠤᠭᠠᠨ ᠳᠤ ᠣᠷᠣᠯᠴᠠᠵᠠᠢ᠃ ᠱᠠᠨ ᠰᠢ ᠶᠢᠨ ᠳᠤᠮᠳᠠ ᠬᠡᠰᠡᠭ ᠤᠨ ᠳᠠᠶᠢᠯᠠᠯᠳᠤᠭᠠᠨ ᠤ ᠳᠠᠷᠠᠭ᠎ᠠ᠂ ᠲᠡᠷᠡ ᠳᠠᠬᠢᠨ ᠯᠠᠨ ᠰᠢᠶᠠᠨ ᠤ ᠴᠡᠷᠢᠭ ᠵᠠᠰᠠᠭ ᠤᠨ  ᠺᠠᠳ᠋ᠷ ᠤᠨ ᠰᠤᠷᠭᠠᠭᠤᠯᠢ ᠳᠤ ᠰᠤᠷᠤᠯᠴᠠᠪᠠ᠃        1948 ᠣᠨ ᠤ ᠨᠠᠮᠤᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠤᠮᠠᠷᠠᠲᠤ ᠣᠷᠣᠨ ᠤ ᠬᠡᠭᠡᠷᠡᠯᠡᠨ ᠪᠠᠶᠢᠯᠳᠤᠬᠤ ᠴᠡᠷᠢᠭ ᠪᠣᠯᠣᠨ  ᠱᠠᠨ ᠰᠢ ᠰᠦᠢᠶᠤᠸᠠᠨ ᠤ ᠬᠡᠭᠡᠷᠡᠯᠡᠨ ᠪᠠᠶᠢᠯᠳᠤᠬᠤ ᠴᠡᠷᠢᠭ ᠨᠢ ᠬᠤᠶᠠᠳᠤᠭᠠᠷ ᠤᠳᠠᠭᠠᠨ ᠤ ᠰᠦᠢᠶᠤᠸᠠᠨ ᠤ ᠲᠠᠶᠢᠨ ᠬᠢᠬᠦ ᠦᠶ᠎ᠡ ᠳᠤ ᠸᠠᠩ ᠱᠢ ᠰᠢᠨ ᠴᠡᠷᠢᠭ ᠢ  ᠳᠠᠭᠠᠵᠤ ᠤᠮᠠᠷᠠᠰᠢ ᠵᠢᠨᠢᠩ ᠳᠤ ᠬᠦᠷᠴᠦ᠂ ᠫᠢᠩ ᠰᠦᠢ ᠲᠡᠮᠦᠷ ᠵᠠᠮ ᠤᠨ ᠪᠠᠷᠠᠭᠤᠨ ᠬᠡᠰᠡᠭ ᠤᠨ ᠬᠠᠮᠢᠶᠠᠷᠤᠯᠲᠠ ᠶᠢᠨ ᠭᠠᠵᠠᠷ ᠲᠤ ᠨᠠᠷᠢᠨ ᠪᠢᠴᠢᠭᠡᠴᠢ ᠶᠢᠨ ᠠᠵᠢᠯ ᠢ  ᠬᠠᠷᠢᠭᠤᠴᠠᠵᠤ᠂ ᠤᠳᠠᠯ ᠦᠭᠡᠢ ᠠᠵᠢᠯᠲᠠᠨ ᠤ ᠶᠠᠪᠤᠳᠠᠯ ᠤᠨ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃        1949 ᠣᠨ ᠤ 6 ᠳ᠋ᠤᠭᠠᠷ ᠰᠠᠷ᠎ᠠ ᠳᠤ᠂ ᠸᠠᠩ ᠱᠢ ᠰᠢᠨ ᠤᠮᠠᠷᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠦᠢᠰᠦᠢ ᠳᠤ ᠰᠠᠭᠤᠭ᠎ᠠ ᠬᠤᠯᠪᠣᠭ᠎ᠠ  ᠠᠪᠬᠤ ᠭᠠᠵᠠᠷ ᠲᠤ ᠰᠢᠯᠵᠢᠨ᠂ ᠲᠡᠮᠦᠷ ᠵᠠᠮ ᠤᠨ ᠠᠵᠢᠯᠯᠠᠬᠤ ᠳᠤᠭᠤᠶᠢᠯᠠᠩ ᠤᠨ ᠨᠠᠷᠢᠨ ᠪᠢᠴᠢᠭᠡᠴᠢ ᠪᠣᠯᠪᠠ᠃ 7 ᠳ᠋ᠤᠭᠠᠷ ᠰᠠᠷ᠎ᠠ ᠶᠢᠨ 16᠎ ᠤ ᠡᠳᠦᠷ᠂ ᠲᠡᠷᠡ  ᠬᠤᠯᠪᠣᠭ᠎ᠠ ᠠᠪᠬᠤ ᠭᠠᠵᠠᠷ ᠢᠶᠠᠨ ᠳᠠᠭᠠᠵᠤ ᠬᠥᠬᠡᠬᠤᠲᠠ ᠳᠤ ᠣᠷᠣᠵᠤ᠂ ᠫᠢᠩ ᠰᠦᠢ ᠲᠡᠮᠦᠷ ᠵᠠᠮ ᠤᠨ ᠪᠠᠷᠠᠭᠤᠨ ᠬᠡᠰᠡᠭ ᠤᠨ ᠨᠠᠶᠢᠷᠠᠮᠳᠠᠯ ᠢᠶᠠᠷ ᠲᠡᠷᠭᠡ ᠨᠡᠪᠲᠡᠷᠡᠬᠦ  ᠠᠵᠢᠯ ᠢ ᠡᠬᠢᠯᠡᠨ ᠬᠢᠪᠡ᠃ 7 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ ᠶᠢᠨ 1 ᠴᠠᠭ ᠲᠤ᠂ ᠲᠡᠷᠡ ᠲᠠᠩᠨᠠᠭᠤᠯ ᠤᠨ ᠳᠠᠭᠠᠷᠢᠯᠲᠠ ᠳᠤ  ᠤᠴᠠᠷᠠᠨ ᠬᠦᠨᠳᠦ ᠰᠢᠷᠬᠠᠲᠤᠵᠤ᠂ ᠲᠤᠰ ᠣᠷᠣᠢ ᠶᠢᠨ 12 ᠴᠠᠭ ᠲᠤ ᠰᠦᠢᠶᠤᠸᠠᠨ ᠮᠤᠵᠢ ᠶᠢᠨ ᠡᠮᠨᠡᠯᠭᠡ ᠶᠢᠨ ᠬᠤᠷᠢᠶᠠᠨ ᠳᠤ ᠪᠡᠶ᠎ᠡ ᠦᠷᠡᠭᠳᠡᠪᠡ᠃ ᠪᠡᠶ᠎ᠡ  ᠦᠷᠡᠭᠳᠡᠬᠦ ᠠᠴᠠ ᠪᠠᠨ ᠡᠮᠦᠨ᠎ᠡ᠂ ᠲᠡᠷᠡ ᠲᠤᠬᠠᠢ ᠶᠢᠨ ᠲᠠᠯᠠᠪᠠᠢ ᠳᠤ ᠪᠠᠶᠢᠭᠰᠠᠨ ᠬᠤᠯᠪᠣᠭ᠎ᠠ ᠠᠪᠬᠤ ᠭᠠᠵᠠᠷ ᠤᠨ ᠨᠥᠬᠦᠳ ᠲᠤ᠄ ︽ᠨᠠᠮ ᠤᠨ ᠦᠢᠯᠡᠰ ᠤᠨ ᠲᠥᠯᠥᠭᠡ᠂ ᠰᠦᠢᠶᠤᠸᠠᠨ ᠤ 200 ᠲᠦᠮᠡᠨ ᠠᠷᠠᠳ ᠲᠦᠮᠡᠨ ᠤ ᠡᠩᠬᠡ ᠲᠠᠶᠢᠪᠤᠩ ᠤᠨ ᠲᠥᠯᠥᠭᠡ᠂ ᠮᠢᠨᠤ ᠦᠬᠦᠬᠦ ᠨᠢ ᠢᠷᠠᠭᠤ ᠠᠯᠳᠠᠷᠲᠠᠢ︕︾ ᠭᠡᠵᠦ ᠬᠡᠯᠡᠪᠡ᠃        7 ᠳ᠋ᠤᠭᠠᠷ ᠰᠠᠷ᠎ᠠ ᠶᠢᠨ 26᠎ ᠤ ᠡᠳᠦᠷ᠂ ᠤᠮᠠᠷᠠᠲᠤ ᠶᠢᠨ ᠠᠷᠠᠳ ᠤᠨ ᠵᠠᠰᠠᠭ ᠤᠨ ᠣᠷᠳᠣᠨ ᠤ ᠭᠦᠢᠰᠦᠢ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠠᠴᠠ  ᠸᠠᠩ ᠱᠢ ᠰᠢᠨ ᠨᠥᠬᠦᠷ ᠲᠤ ᠲᠠᠬᠢᠯ ᠲᠠᠯᠪᠢᠭᠰᠠᠨ ᠤ ᠳᠠᠷᠠᠭ᠎ᠠ᠂ ᠴᠢᠨᠳᠠᠷ ᠢ ᠨᠢ ᠵᠥᠭᠡᠭᠡᠪᠦᠷᠢᠯᠡᠨ ᠠᠪᠠᠴᠢᠵᠠᠢ᠃ ᠳᠤᠮᠳᠠᠲᠦ ᠤᠯᠤᠰ ᠤᠨ ᠡᠪ ᠬᠠᠮᠲᠤ ᠨᠠᠮ ᠤᠨ  ᠰᠦᠢᠶᠤᠸᠠᠨ ᠮᠤᠵᠢ ᠶᠢᠨ ᠬᠤᠷᠢᠶ᠎ᠠ᠂ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠰᠦᠢᠶᠤᠸᠠᠨ ᠮᠤᠵᠢ ᠶᠢᠨ ᠴᠡᠷᠢᠭ ᠤᠨ ᠲᠣᠭᠤᠷᠢᠭ ᠤᠨ  ᠰᠠᠭᠤᠭ᠎ᠠ ᠭᠠᠵᠠᠷ ᠹᠧᠩᠵᠧᠨ ᠳᠤ ᠦᠪᠡᠳᠡᠭᠰᠢ ᠶᠡᠭᠡ ᠭᠠᠰᠢᠭᠤᠳᠠᠬᠤ ᠬᠤᠷᠠᠯ ᠬᠤᠷᠠᠯᠳᠤᠭᠤᠯᠵᠤ᠂ ᠡᠨᠡ ᠬᠦ ᠰᠦᠢᠶᠤᠸᠠᠨ ᠢ ᠨᠠᠶᠢᠷᠠᠮᠳᠠᠯ ᠢᠶᠠᠷ ᠴᠢᠯᠦᠭᠡᠯᠡᠬᠦ ᠶᠢᠨ  ᠲᠥᠯᠥᠭᠡ ᠠᠮᠢ ᠨᠠᠰᠤ ᠪᠠᠨ ᠵᠣᠷᠢᠭᠤᠯᠤᠭᠰᠠᠨ ᠵᠠᠯᠠᠭᠤ ᠡᠪ ᠬᠠᠮᠲᠤ ᠨᠠᠮ ᠤᠨ ᠭᠡᠰᠢᠭᠦᠨ ᠢ ᠭᠠᠰᠢᠭᠤᠳᠠᠪᠠ᠃             
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ