ᠬᠤᠪᠢᠰᠬᠠᠯᠴᠢᠳ ᠤᠨ ᠴᠠᠳᠢᠭ - ᠺᠦᠢ ᠪᠢ
ᠨᠡᠶᠢᠲᠡᠯᠡᠭᠰᠡᠨ ᠴᠠᠭ᠄
2024/11/19
       ᠺᠦᠢ ᠪᠢ ︵1903.3 - 1986.2.9︶᠂ ᠡᠷᠭᠦᠭᠰᠡᠨ ᠨᠡᠷ᠎ᠡ ᠽᠢ ᠵᠠᠩ᠂ ᠡᠷᠡᠭᠲᠡᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ  ᠲᠦᠮᠡᠳ ᠬᠤᠰᠢᠭᠤᠨ ᠤ ᠪᠤᠤ ᠲᠦᠩ ᠾᠧ ᠲᠤᠰᠬᠤᠨ ᠤ ᠬᠥᠮᠥᠨ᠂ ᠨᠢᠭᠡᠨ ᠶᠠᠳᠠᠭᠤ ᠲᠠᠷᠢᠶᠠᠴᠢᠨ ᠤ ᠭᠡᠷ ᠲᠤ ᠲᠦᠷᠦᠵᠠᠢ᠃ ᠺᠦᠢ ᠪᠢ ᠪᠠᠭ᠎ᠠ ᠳᠠᠭᠠᠨ  ᠬᠥᠬᠡᠬᠤᠲᠠ ᠶᠢᠨ ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠰᠤᠷᠤᠯᠴᠠᠪᠠ᠃ ︽ᠲᠠᠪᠤᠨ ᠰᠠᠷ᠎ᠠ ᠶᠢᠨ ᠳᠥᠷᠪᠡᠨ︾᠎ ᠤ ᠬᠥᠳᠡᠯᠭᠡᠭᠡᠨ ᠤ  ᠬᠤᠭᠤᠴᠠᠭᠠᠨ ᠳᠤ ᠬᠥᠬᠡᠬᠤᠲᠠ ᠶᠢᠨ ᠰᠤᠷᠤᠭᠴᠢᠳ ᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠡᠬᠡ ᠣᠷᠣᠨᠴᠢ ᠠᠵᠢᠯᠯᠠᠭ᠎ᠠ ᠳᠤ ᠣᠷᠣᠯᠴᠠᠵᠤ ᠥᠩᠭᠡᠷᠡᠵᠡᠢ᠃        1923 ᠣᠨ ᠤ ᠨᠠᠮᠤᠷ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ ᠰᠢᠯᠭᠠᠭᠤᠯᠤᠨ ᠣᠷᠣᠭᠰᠠᠨ ᠤ ᠳᠠᠷᠠᠭ᠎ᠠ ᠮᠠᠷᠺᠰ ᠤᠨ ᠦᠵᠡᠯ ᠤᠨ  ᠬᠤᠪᠢᠰᠬᠠᠯ ᠤᠨ ᠦᠵᠡᠯ ᠰᠠᠨᠠᠭ᠎ᠠ ᠶᠢ ᠬᠦᠷᠲᠡᠪᠡ᠃ 1924 ᠣᠨ ᠳᠤ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠣᠪᠠ᠃  ᠵᠢᠯ ᠤᠨ ᠡᠴᠦᠰ ᠲᠤ ᠵᠠᠶᠠᠭᠠᠲᠠᠢ᠂ ᠭᠤᠮᠪᠣᠵᠠᠪ᠂ ᠵᠣᠣ ᠴᠧᠩ ᠨᠠᠷ ᠲᠠᠢ ᠬᠠᠮᠲᠤ ᠰᠦᠢᠶᠤᠸᠠᠨ ᠳᠤ ᠪᠤᠴᠠᠨ ᠢᠷᠭᠡᠨ ᠤ ᠬᠤᠷᠠᠯ ᠤᠨ ᠬᠥᠳᠡᠯᠭᠡᠭᠡᠨ ᠬᠢᠵᠦ᠂ ︽ᠰᠦᠢᠶᠤᠸᠠᠨ ᠬᠤᠲᠠ ᠶᠢᠨ ᠢᠷᠭᠡᠨ ᠤ ᠬᠤᠷᠠᠯ ᠢ ᠠᠬᠢᠭᠤᠯᠬᠤ ᠬᠤᠷᠠᠯ︾᠎ ᠤᠨ ᠲᠥᠯᠥᠭᠡᠯᠡᠭᠴᠢ ᠪᠠᠷ ᠰᠣᠩᠭᠤᠭᠳᠠᠪᠠ᠃        1925 ᠣᠨ ᠤ 3 ᠰᠠᠷ᠎ᠠ ᠳᠤ ᠪᠡᠭᠡᠵᠢᠩ ᠳᠤ ᠢᠷᠭᠡᠨ ᠤ ᠬᠤᠷᠠᠯ ᠢ ᠠᠬᠢᠭᠤᠯᠬᠤ ᠬᠤᠷᠠᠯ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ  ᠣᠷᠣᠯᠴᠠᠪᠠ᠃ ᠲᠤᠰ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠪᠥᠭᠡᠳ ᠥᠪᠥᠷ ᠮᠣᠩᠭᠤᠯ ᠤᠨ ᠬᠠᠮᠤᠭ ᠡᠷᠲᠡᠨ ᠤ  ᠬᠤᠪᠢᠰᠬᠠᠯ ᠤᠨ ᠰᠡᠳᠬᠦᠯ ︽ᠮᠣᠩᠭᠤᠯ ᠤᠨ ᠲᠠᠷᠢᠶᠠᠴᠢᠳ︾᠎ ᠢ ᠡᠭᠦᠰᠬᠡᠨ ᠡᠷᠬᠢᠯᠡᠬᠦ ᠳᠤ ᠣᠷᠣᠯᠴᠠᠭᠰᠠᠨ ᠪᠠᠶᠢᠨ᠎ᠠ᠃ ᠤᠳᠠᠯ ᠦᠭᠡᠢ ᠨᠠᠮ ᠤᠨ ᠵᠣᠬᠢᠶᠠᠨ  ᠪᠠᠶᠢᠭᠤᠯᠤᠯᠲᠠ ᠠᠴᠠ ᠲᠡᠭᠦᠨ ᠢ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠲᠤ ᠰᠤᠷᠤᠯᠴᠠᠭᠤᠯᠵᠤ᠂ 1927 ᠣᠨ ᠤ ᠡᠬᠢ ᠪᠠᠷ ᠤᠯᠤᠰ ᠲᠤ ᠪᠠᠨ ᠪᠤᠴᠠᠵᠤ᠂  ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠴᠡᠷᠢᠭ ᠤᠨ ᠮᠣᠷᠢᠲᠤ ᠴᠡᠷᠢᠭ ᠤᠨ ᠨᠢᠭᠡᠳᠦᠭᠡᠷ ᠪᠠᠳ᠋ᠯᠢᠶᠤᠨ ᠪᠠ ᠶᠠᠪᠠᠭᠠᠨ ᠴᠡᠷᠢᠭ ᠤᠨ ᠨᠢᠭᠡᠳᠦᠭᠡᠷ ᠬᠤᠷᠢᠶ᠎ᠠ ᠶᠢᠨ  ᠨᠠᠮ ᠤᠨ ᠲᠥᠯᠥᠭᠡᠯᠡᠭᠴᠢ ᠪᠣᠯᠪᠠ᠃        1929 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠣᠩᠭᠤᠯ ᠤᠨ ᠠᠵᠢᠯ ᠤᠨ ᠵᠥᠪᠯᠡᠯ ᠤᠨ ᠭᠡᠰᠢᠭᠦᠨ ᠤ ᠲᠤᠰᠢᠶᠠᠯ ᠢ  ᠬᠠᠷᠢᠭᠤᠴᠠᠵᠤ᠂ ᠬᠥᠬᠡᠬᠤᠲᠠ᠂ ᠪᠤᠭᠤᠲᠤ ᠣᠷᠴᠢᠮ ᠤᠷᠲᠤ ᠬᠤᠭᠤᠴᠠᠭ᠎ᠠ ᠪᠠᠷ ᠨᠢᠭᠤᠴᠠ ᠠᠵᠢᠯ ᠬᠢᠵᠦ ᠪᠠᠶᠢᠪᠠ᠃ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ᠂  ᠺᠦᠢ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠬᠤᠰᠢᠭᠤᠨ ᠤ ᠮᠣᠩᠭᠤᠯ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ  ᠡᠪ ᠬᠠᠮᠲᠤ ᠨᠠᠮ ᠤᠨ ᠰᠦᠢᠶᠤᠸᠠᠨ ᠪᠠᠷᠠᠭᠤᠨ ᠣᠷᠣᠨ ᠤ ᠬᠤᠷᠢᠶ᠎ᠠ ᠶᠢᠨ ᠮᠣᠩᠭᠤᠯ ᠠᠷᠠᠳ ᠤᠨ ᠬᠡᠯᠲᠡᠰ ᠤᠨ ᠳᠠᠷᠤᠭ᠎ᠠ ᠪᠣᠯᠵᠤ᠂ ᠮᠣᠩᠭᠤᠯ ᠦᠨᠳᠦᠰᠦᠲᠡᠨ ᠤ  ᠠᠵᠢᠯ ᠢ ᠥᠷᠨᠢᠭᠦᠯᠵᠦ᠂ ᠮᠣᠩᠭᠤᠯ ᠦᠨᠳᠦᠰᠦᠲᠡᠨ ᠤ ᠶᠠᠫᠤᠨ ᠢ ᠡᠰᠡᠷᠭᠦᠴᠡᠬᠦ ᠶᠢ ᠳᠠᠶᠢᠴᠢᠯᠠᠵᠤ᠂ ᠮᠣᠩᠭᠤᠯ ᠦᠨᠳᠦᠰᠦᠲᠡᠨ ᠤ ᠺᠠᠳ᠋ᠷ ᠢ ᠬᠥᠮᠥᠵᠢᠭᠦᠯᠪᠡ᠃        1945 ᠣᠨ ᠳᠤ ᠶᠠᠨ ᠠᠨ ᠳᠤ ᠬᠦᠷᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠶᠡᠭᠡ ᠬᠤᠷᠠᠯ ᠳᠤ ᠣᠷᠣᠯᠴᠠᠪᠠ᠃ ᠶᠠᠫᠤᠨ ᠢ  ᠡᠰᠡᠷᠭᠦᠴᠡᠬᠦ ᠲᠠᠶᠢᠨ ᠢᠯᠠᠯᠲᠠ ᠣᠯᠬᠤ ᠠᠴᠠ ᠡᠮᠦᠨᠡᠬᠡᠨ᠂ ᠺᠦᠢ ᠪᠢ ᠥᠪᠥᠷ ᠮᠣᠩᠭᠤᠯ ᠳᠤ ᠪᠠᠨ ᠪᠤᠴᠠᠵᠤ ᠥᠪᠥᠷ ᠮᠣᠩᠭᠤᠯ ᠤᠨ ᠴᠢᠯᠦᠭᠡᠯᠡᠯᠲᠡ ᠶᠢᠨ ᠦᠢᠯᠡᠰ ᠲᠤ  ᠤᠷᠤᠯᠴᠠᠵᠤ᠂ ᠢᠯᠠᠩᠭᠤᠶ᠎ᠠ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠳᠤ ᠣᠷᠣᠯᠴᠠᠪᠠ᠃ ᠤᠷᠢᠳ ᠬᠤᠵᠢᠳ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ  ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠲᠠᠯ᠎ᠠ ᠤᠯᠠᠭᠠᠨᠴᠠᠪ ᠤᠨ ᠠᠵᠢᠯ ᠤᠨ ᠵᠥᠪᠯᠡᠯ ᠤᠨ ᠱᠦᠵᠢ᠂ ᠪᠠᠶᠠᠨᠲᠠᠯ᠎ᠠ ᠤᠯᠠᠭᠠᠨᠴᠠᠪ ᠤᠨ  ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠰᠢᠯᠢ ᠶᠢᠨ ᠭᠤᠣᠯ ᠴᠠᠬᠠᠷ ᠤᠨ ᠠᠵᠢᠯ ᠤᠨ ᠵᠥᠪᠯᠡᠯ ᠤᠨ ᠱᠦᠵᠢ ᠪᠣᠯᠣᠨ ᠰᠢᠯᠢ ᠶᠢᠨ ᠭᠤᠣᠯ  ᠴᠠᠬᠠᠷ ᠤᠨ ᠵᠠᠰᠠᠭ ᠵᠠᠬᠢᠷᠭᠠᠨ ᠤ ᠵᠥᠪᠯᠡᠯ ᠤᠨ ᠡᠷᠬᠢᠯᠡᠭᠴᠢ᠂ ᠰᠢᠯᠢ ᠶᠢᠨ ᠭᠤᠣᠯ ᠴᠠᠬᠠᠷ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠳᠤᠮᠳᠠᠳᠤ  ᠤᠯᠤᠰ ᠤᠨ ᠡᠪ ᠬᠠᠮᠲᠤ ᠨᠠᠮ ᠤᠨ ᠾᠧᠪᠧᠢ ᠿᠧᠾᠧ ᠴᠠᠬᠠᠷ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ  ᠭᠡᠰᠢᠭᠦᠨ ᠪᠠ ᠠᠷᠠᠳ ᠤᠨ ᠶᠠᠪᠤᠳᠠᠯ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠵᠥᠪᠯᠡᠯ ᠤᠨ ᠭᠡᠰᠢᠭᠦᠨ ᠵᠡᠷᠭᠡ  ᠲᠤᠰᠢᠶᠠᠯ ᠢ ᠬᠠᠷᠢᠭᠤᠴᠠᠵᠤ ᠪᠠᠶᠢᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠺᠦᠢ ᠪᠢ ᠨᠥᠬᠦᠷ ᠳᠤᠮᠳᠠᠳᠤ  ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠮᠧᠩ ᠰᠦᠢ ᠬᠤᠪᠢᠶᠠᠷᠢ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ  ᠪᠠᠶᠢᠭᠤᠯᠬᠤ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠳᠡᠳ᠋  ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠳᠡᠳ᠋ ᠱᠦᠵᠢ᠂ ᠱᠦᠵᠢ ᠨᠠᠷ ᠤᠨ  ᠭᠠᠵᠠᠷ ᠤᠨ ᠱᠦᠵᠢ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ  ᠵᠥᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃        ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋  ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠬᠤᠷᠢᠶᠠᠨ ᠤ  ᠲᠡᠷᠢᠭᠦᠯᠡᠭᠴᠢ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ  ᠳᠤᠭᠤᠶᠢᠯᠠᠩ ᠤᠨ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠯᠡᠭᠴᠢ ᠶᠢᠨ ᠬᠤᠷᠢᠶ᠎ᠠ ᠶᠢᠨ ᠭᠡᠰᠢᠭᠦᠨ ᠪᠣᠯᠣᠨ ᠲᠠᠪᠤᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠵᠡᠷᠭᠡ ᠲᠤᠰᠢᠶᠠᠯ ᠢ  ᠬᠠᠷᠢᠭᠤᠴᠠᠵᠤ ᠥᠩᠭᠡᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠬᠤᠶᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠲᠡ  ᠬᠤᠷᠠᠯ ᠳᠡᠭᠡᠷ᠎ᠡ ᠺᠦᠢ ᠪᠢ ᠨᠥᠬᠦᠷ ᠪᠦᠬᠦᠳᠡ ᠬᠤᠷᠠᠯ ᠳᠤ ᠭᠤᠶᠤᠴᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠯᠡᠭᠴᠢ ᠶᠢᠨ  ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠪᠠ᠃        1986 ᠣᠨ ᠤ 2 ᠳ᠋ᠤᠭᠠᠷ ᠰᠠᠷ᠎ᠠ ᠶᠢᠨ 9᠎ ᠤ ᠡᠳᠦᠷ ᠺᠦᠢ ᠪᠢ ᠨᠥᠬᠦᠷ ᠡᠪᠡᠳᠴᠢᠨ ᠢᠶᠠᠷ ᠨᠠᠰᠤ ᠪᠠᠷᠠᠪᠠ᠃         
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ