11 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢᠦᠢ ᠬᠦᠶ ᠾᠧ ᠨᠠᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ | ᠬᠤᠰᠢᠭᠤᠨ ᠤ ᠤᠳᠤᠷᠢᠳᠤᠯᠭ᠎ᠠ ᠸᠠᠩ ᠵᠢᠶᠦ᠋ᠨ᠂ ᠬᠤᠲᠠᠯᠠ ᠨᠠᠷ ᠪᠠᠷ᠎ᠠ ᠪᠣᠯᠣᠯᠴᠠᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠥᠯᠥᠨ ᠪᠤᠶᠢᠷ ᠬᠤᠲᠠ ᠶᠢᠨ ᠯᠢᠦᠢ ᠰᠢᠶᠠᠩ ᠯᠠᠯᠤ ᠮᠢᠬᠠᠨ ᠢᠳᠡᠭᠡᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠬᠥᠯᠥᠨ ᠪᠤᠶᠢᠷ ᠬᠤᠲᠠ ᠶᠢᠨ ᠯᠢ ᠹᠧᠩ ᠮᠠᠰᠢᠨ ᠲᠡᠷᠭᠡᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠲᠥᠪ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ ᠮᠠᠯ ᠠᠵᠤ ᠠᠬᠤᠢ ᠶᠢᠨ ᠺᠣᠮᠫᠠᠨᠢ ᠶᠢᠨ ᠮᠣᠷᠢᠨ ᠮᠡᠷᠭᠡᠵᠢᠯ ᠤᠨ ᠪᠣᠯᠪᠠᠰᠤᠷᠠᠯ ᠤᠨ ᠲᠥᠪ ᠲᠤ | ᠬᠦᠷᠴᠦ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠣᠷᠤᠯᠠᠭᠤᠯᠭ᠎ᠠ ᠶᠢᠨ ᠪᠠᠶᠢᠳᠠᠯ ᠤᠳ ᠢ ᠣᠶᠢᠯᠠᠭᠠᠵᠤ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠂ ᠣᠨᠴᠠ ᠤᠷᠢᠭᠰᠠᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠠᠰᠢᠭᠯᠠᠮᠵᠢ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ᠂ ᠰᠣᠶᠣᠯ ᠡᠷᠡᠭᠦᠯ ᠬᠠᠮᠠᠭᠠᠯᠠᠯ ᠵᠡᠷᠭᠡ ᠶᠢᠨ ᠣᠨᠴᠠ ᠭᠡᠰᠢᠭᠦᠳ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠢᠳᠪᠦᠷᠢᠯᠡᠬᠦ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠭᠦᠨ ᠤ ᠬᠠᠮᠲᠤ ᠬᠡᠰᠡᠭ ᠲᠣᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠤᠯᠤᠰ ᠲᠥᠷᠥ ᠶᠢᠨ | ᠵᠥᠪᠯᠡᠯᠭᠡᠨ ᠤ ᠡᠭᠦᠷᠭᠡ ᠴᠢᠳᠠᠪᠤᠷᠢ ᠪᠠᠨ ᠬᠡᠷᠬᠢᠨ ᠨᠠᠩ ᠰᠠᠶᠢᠨ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ | ᠬᠠᠮᠲᠤ ᠪᠠᠷ ᠰᠤᠳᠤᠯᠤᠨ ᠶᠠᠷᠢᠯᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠣᠨᠴᠠ ᠭᠡᠰᠢᠭᠦᠳ ᠤᠨ ᠠᠵᠢᠯ ᠤᠨ ᠲᠠᠰᠤᠭ ᠲᠤ ᠲᠠᠷᠠᠭᠠᠴᠢ ᠶᠢᠨ | ᠠᠯᠬᠤᠮ ᠤᠨ ᠠᠵᠢᠯ ᠢᠶᠠᠨ ᠰᠠᠶᠢᠲᠤᠷ ᠥᠷᠨᠢᠭᠦᠯᠬᠦ ᠳᠤ ᠵᠢᠯᠤᠭᠤᠳᠬᠤ ᠰᠠᠨᠠᠯ ᠳᠤᠷᠠᠳᠪᠠ᠃ | | | | | | ᠯᠢᠦᠢ ᠬᠦᠶ ᠾᠧ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠥᠪᠯᠡᠯᠭᠡᠨ ᠤ ᠣᠨᠴᠠ ᠭᠡᠰᠢᠭᠦᠳ ᠤᠨ ᠠᠵᠢᠯᠯᠠᠬᠤ ᠲᠠᠰᠤᠭ ᠨᠢ ᠤᠯᠤᠰ ᠲᠥᠷᠥ ᠶᠢᠨ | ᠵᠥᠪᠯᠡᠯᠭᠡᠨ ᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠤᠨ᠂ | ᠡᠯ᠎ᠡ ᠡᠲᠡᠭᠡᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠠᠰᠠᠭᠤᠳᠠᠯ ᠪᠠ ᠬᠠᠯᠠᠭᠤᠨ | ᠴᠡᠭ ᠤᠨ ᠠᠰᠠᠭᠤᠳᠠᠯ ᠢ ᠢᠯᠡᠭᠦᠬᠡᠨ ᠵᠥᠪᠳᠡᠯᠴᠡᠨ᠂ ᠣᠯᠠᠨ ᠲᠦᠮᠡᠨ ᠳᠤ ᠦᠨᠡᠨ ᠬᠦ ᠪᠣᠳᠠᠲᠠᠢ ᠠᠵᠢᠯ ᠬᠢᠵᠦ᠂ ᠤᠯᠤᠰ ᠲᠥᠷᠥ ᠶᠢᠨ ᠵᠥᠪᠯᠡᠯᠭᠡᠨ ᠤ ᠣᠨᠴᠠ | ᠭᠡᠰᠢᠭᠦᠳ ᠤᠨ ᠠᠵᠢᠯᠯᠠᠬᠤ ᠲᠠᠰᠤᠭ ᠪᠠᠶᠢᠭᠤᠯᠬᠤ ᠠᠩᠬᠠᠨ ᠤ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ︔ ︽ᠳᠠᠭᠤᠳᠠᠯᠭ᠎ᠠ ᠶᠢ ᠵᠠᠪᠠᠯ ᠬᠦᠯᠢᠶᠡᠨ ᠠᠪᠴᠤ᠂ | ᠠᠷᠠᠳ ᠤᠨ ᠲᠥᠯᠥᠭᠡ ᠵᠥᠪᠳᠡᠯᠴᠡᠬᠦ︾ ᠨᠡᠷᠡᠲᠦ ᠲᠡᠮᠳᠡᠭ ᠲᠠᠢ ᠨᠢᠭᠲᠠ ᠤᠶᠠᠯᠳᠤᠭᠤᠯᠵᠤ᠂ ᠣᠨᠴᠠ ᠭᠡᠰᠢᠭᠦᠳ ᠤᠨ ᠳᠠᠪᠠᠭᠤᠯᠢᠭ ᠣᠨᠴᠠᠯᠢᠭ ᠲᠤ ᠰᠠᠭᠤᠷᠢᠯᠠᠨ᠂ ᠨᠠᠮ | ᠵᠠᠰᠠᠭ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠹᠷᠣᠨᠲ ᠲᠤ ᠭᠦᠨᠵᠡᠭᠡᠶᠢᠷᠡᠨ᠂ ᠣᠨᠴᠠ | ᠭᠡᠰᠢᠭᠦᠳᠤᠯᠠᠨ ᠲᠦᠮᠡᠨ ᠳᠤ ᠰᠠᠶᠢᠲᠤᠷ ᠦᠢᠯᠡᠴᠢᠯᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠶᠢᠲᠤᠷ ᠴᠤᠭᠯᠠᠭᠤᠯᠵᠤ᠂ ᠰᠢᠢᠳᠪᠦᠷᠢᠯᠡᠬᠦ ᠪᠣᠳᠣᠯᠭ᠎ᠠ | ᠰᠠᠨᠠᠭᠤᠯᠭ᠎ᠠ ᠶᠢ ᠰᠠᠶᠢᠲᠤᠷ ᠵᠥᠪᠳᠡᠯᠴᠡᠨ᠂ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠶᠢ ᠰᠠᠶᠢᠲᠤᠷ ᠨᠢᠭᠲᠠᠷᠠᠭᠤᠯᠬᠤ ᠶᠢᠨ ᠬᠠᠮᠲᠤ ᠪᠠᠰᠠ ᠤᠯᠤᠰ ᠲᠦᠷᠦ ᠶᠢᠨ | ᠵᠥᠪᠯᠡᠯᠭᠡᠨ ᠤ ᠣᠨᠴᠠ ᠭᠡᠰᠢᠭᠦᠳ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠵᠢᠯᠯᠠᠭᠠᠨ ᠤ ᠬᠡᠯᠪᠡᠷᠢ ᠪᠠ | ᠠᠭᠤᠯᠭ᠎ᠠ ᠶᠢ ᠪᠠᠶᠠᠯᠢᠭᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠪᠡ᠃ | | |