ᠸᠠᠩ ᠵᠢᠶᠦ᠋ᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 111ᠳ᠋ᠣᠭᠡᠷ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 9 ᠳ᠋ᠣᠭᠡᠷ ᠬᠤᠷᠠᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/20
       11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 111 ᠳ᠋ᠣᠭᠡᠷ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 9 ᠳ᠋ᠣᠭᠡᠷ ᠬᠤᠷᠠᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠣᠯᠣᠨ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
20241120-2-1.jpg   
        ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠦᠮᠦᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠡᠵᠡᠮᠳᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃       ᠬᠤᠷᠠᠯ ᠠᠴᠠ ᠱᠠᠭᠠᠷᠳᠠᠭᠰᠠᠨ ᠨᠢ᠂ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠠᠨᠠᠯ︾ ᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ︽ᠭᠤᠷᠪᠠᠨ ᠵᠦᠢᠯ ᠤᠨ ᠴᠢᠳᠠᠪᠤᠷᠢ︾ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠴᠠᠭ ᠢᠮᠠᠭᠲᠠ ᠰᠡᠳᠭᠢᠨ ᠪᠤᠳᠤᠵᠤ᠂ ᠭᠠᠷ ᠤᠨ ᠠᠪᠤᠯᠭ᠎ᠠ ᠪᠣᠯᠭᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠡᠳᠭᠢᠬᠦᠢ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠪᠣᠯᠣᠨ ᠮᠠᠯᠵᠢᠬᠤ ᠣᠷᠣᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠲᠤᠭ᠎ᠠ ᠬᠡᠮᠵᠢᠶ᠎ᠡ ᠲᠠᠢ ᠶᠠᠰᠤ ᠴᠢᠨᠠᠷ ᠲᠠᠢ᠂ ᠢᠯᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠯᠳᠠᠭᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠦᠷᠢᠯᠡᠵᠦ᠂ ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠥᠬᠦ ᠭᠠᠵᠠᠷ ᠣᠷᠣᠨ ᠪᠥᠬᠦ ᠲᠠᠯ᠎ᠠ ᠪᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠥᠬᠦ ᠬᠦᠷᠢᠶ᠎ᠡ ᠴᠠᠷᠠᠭ᠎ᠠ ᠪᠥᠬᠦ ᠶᠠᠪᠤᠴᠠ ᠪᠠᠷ ᠢᠶᠠᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃          ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠲᠡᠷᠡ ᠳᠠᠷᠤᠢ ᠵᠠᠰᠠᠪᠤᠷᠢ  ᠤᠷᠣᠭᠤᠯᠵᠣ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ  ᠰᠣᠨᠣᠰᠣᠭᠰᠠᠨ ᠪᠦᠭᠡᠳ ᠪᠤᠰᠤᠳ ᠵᠦᠢᠯᠡᠰ ᠢ  ᠪᠠᠰᠠ ᠰᠤᠳᠤᠯᠤᠨ ᠬᠢᠨᠠᠨ ᠵᠥᠪᠯᠡᠪᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ