ᠵᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠴᠦ᠋ ᠪᠤᠯᠢᠶᠠᠬᠤ ᠲᠥᠯᠥᠭᠡᠯᠡᠭᠴᠢᠳ ᠤᠨ ᠠᠩᠭᠢ ᠶᠢᠨ ᠳᠠᠶᠢᠯᠠᠯᠳᠤᠭᠠᠨ ᠳᠤ ᠣᠷᠣᠯᠴᠠᠬᠤ | ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠤᠤ ᠬᠤᠶ ᠷᠠᠨ᠂ ᠯᠦ ᠴᠤᠸᠠᠨ ᠱᠧᠨ᠂ ᠲᠦ᠋ ᠯᠢ ᠪᠢᠨ ᠤᠷᠤᠯᠳᠣᠭᠠᠨ ᠳᠤ | ᠣᠷᠣᠯᠴᠠᠬᠤ ᠭᠡᠵᠦ ᠪᠠᠶᠢᠭ᠎ᠠ ᠲᠠᠮᠢᠷᠴᠢᠳ ᠢ ᠵᠤᠷᠢᠭᠵᠢᠭᠤᠯᠤᠨ᠂ ᠣᠷᠭᠢᠯᠤᠮ᠎ᠠ ᠬᠠᠯᠠᠭᠤᠨ ᠰᠡᠳᠬᠢᠯᠭᠡ᠂ ᠪᠠᠲᠤ ᠴᠢᠩᠭ᠎ᠠ ᠢᠲᠡᠭᠡᠯ ᠵᠣᠷᠢᠭ ᠪᠠ ᠵᠠᠪᠠᠯ ᠢᠯᠠᠬᠤ | ᠲᠡᠮᠡᠴᠡᠯ ᠤᠨ ᠵᠣᠷᠢᠭ ᠢᠶᠠᠷ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠵᠤ᠂ ᠴᠦ᠋ ᠪᠤᠯᠢᠶᠠᠬᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠤᠭᠠᠷᠠᠢ | ᠭᠡᠪᠡ᠃ | | | | | | ᠳᠠᠶᠢᠴᠢᠯᠠᠯᠲᠠ ᠶᠢᠨ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠶᠢᠨ ᠲᠣᠭᠲᠠᠭᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦᠬᠦ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠮᠡᠳᠡᠭᠳᠡᠯ ᠢ ᠤᠩᠰᠢᠨ ᠨᠡᠶᠢᠲᠡᠯᠡᠵᠦ᠂ ᠴᠦ᠋ ᠪᠤᠯᠢᠶᠠᠬᠤ ᠲᠥᠯᠥᠭᠡᠯᠡᠭᠴᠢᠳ ᠤᠨ | ᠪᠠᠭ ᠤᠨ ᠤᠳᠤᠷᠢᠳᠤᠭᠠᠴᠢ ᠵᠣᠷᠢᠭ ᠢᠶᠠᠨ ᠢᠯᠡᠳᠭᠡᠪᠡ᠃ | ᠤᠤ ᠬᠤᠶ ᠷᠠᠨ ᠴᠢᠬᠤᠯᠠᠴᠢᠯᠠᠭᠰᠠᠨ ᠨᠢ᠂ ᠴᠦ᠋ ᠪᠤᠯᠢᠶᠠᠬᠤ ᠲᠥᠯᠥᠭᠡᠯᠡᠭᠴᠢᠳ ᠤᠨ ᠪᠠᠭ ᠤᠨ ᠪᠥᠬᠦ ᠭᠡᠰᠢᠭᠦᠳ ᠣᠷᠭᠢᠯᠤᠮ᠎ᠠ ᠬᠠᠯᠠᠭᠤᠨ ᠲᠡᠮᠡᠴᠡᠯ ᠤᠨ | ᠵᠣᠷᠢᠭ ᠪᠠ ᠡᠷᠡᠰ ᠬᠠᠲᠠᠭᠤ ᠵᠣᠷᠢᠭ ᠰᠠᠨᠠᠭ᠎ᠠ ᠪᠠᠷ ᠪᠥᠬᠦ ᠬᠦᠴᠦᠨ ᠢᠶᠠᠷ ᠢᠶᠠᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠤ ᠲᠠᠯᠠᠪᠤᠷ ᠲᠤ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠴᠦ᠋ ᠪᠤᠯᠢᠶᠠᠬᠤ ᠲᠥᠯᠥᠭᠡᠯᠡᠭᠴᠢᠳ ᠤᠨ ᠠᠩᠭᠢ ᠶᠢᠨ ᠬᠢᠨ ᠪᠦᠯᠬᠦᠮᠳᠡᠨ ᠲᠡᠮᠡᠴᠡᠵᠦ᠂ ᠵᠢᠪᠬᠤᠭ᠎ᠠ ᠲᠡᠭᠦᠯᠳᠡᠷ | ᠪᠠᠶᠢᠳᠠᠯ ᠢᠶᠠᠨ ᠪᠥᠬᠦ ᠲᠠᠯ᠎ᠠ ᠪᠠᠷ ᠢᠯᠡᠷᠡᠭᠦᠯᠵᠦ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠦ᠋ ᠪᠤᠯᠢᠶᠠᠬᠤ ᠲᠠᠮᠢᠷ ᠤᠨ ᠥᠪᠡᠷᠮᠢᠴᠡ | ᠷᠢᠳᠢ ᠰᠢᠳᠢ ᠪᠠ ᠵᠤᠯᠪᠤᠭᠠᠯᠢᠭ ᠰᠠᠶᠢᠬᠠᠨ ᠢ ᠳᠡᠯᠭᠡᠨ ᠦᠵᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠠᠬᠢᠨᠲᠠ ᠰᠢᠯᠢᠳᠡᠭ ᠠᠮᠵᠢᠯᠲᠠ | ᠣᠯᠬᠤ ᠶᠢ ᠬᠦᠰᠡᠵᠦ ᠪᠠᠶᠢᠨ᠎ᠠ᠃ ᠪᠡᠶ᠎ᠡ ᠶᠢᠨ ᠲᠠᠮᠢᠷ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠦᠭᠵᠢᠯᠲᠡ ᠶᠢ ᠤᠯᠠᠮ ᠴᠢᠨᠠᠭᠰᠢᠳᠠᠠᠬᠢᠭᠤᠯᠬᠤ ᠬᠡᠷᠡᠭᠲᠡᠢ ᠭᠡᠪᠡ᠃ | ᠣᠶᠢᠯᠠᠭᠠᠭᠰᠠᠨ ᠢᠶᠠᠷ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ 11 ᠰᠠᠷ᠎ᠠ ᠶᠢᠨ 22 ᠤᠨ ᠡᠳᠦᠷ ᠠᠴᠠ 30 ᠤ ᠡᠳᠦᠷ ᠪᠣᠯᠲᠠᠯ᠎ᠠ ᠬᠠᠶᠢᠨᠠᠨ ᠮᠤᠵᠢ ᠶᠢᠨ ᠰᠠᠨᠶᠠ ᠬᠤᠲᠠ ᠳᠤ ᠶᠠᠪᠤᠭᠳᠠᠬᠤ ᠪᠣᠯᠣᠨ᠎ᠠ᠂ ᠴᠦ᠋ ᠪᠤᠯᠢᠶᠠᠬᠤ | ᠲᠥᠯᠥᠭᠡᠯᠡᠭᠴᠢᠳ ᠤᠨ ᠪᠠᠭ ᠮᠠᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 20 ᠲᠠᠮᠢᠷᠴᠢᠨ ᠢᠶᠠᠷ ᠪᠦᠷᠢᠯᠳᠦᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠴᠦ᠋ ᠪᠤᠯᠢᠶᠠᠬᠤ ᠲᠣᠭᠯᠠᠯᠲᠠ ᠶᠢᠨ ᠵᠦᠢᠯᠡᠰ ᠢᠶᠠᠷ ᠲᠣᠰ ᠤᠳᠠᠭᠠᠨ ᠤ ᠲᠠᠮᠢᠷ ᠤᠨ ᠤᠷᠣᠯᠳᠣᠭᠠᠨ ᠳᠤ ᠣᠷᠣᠯᠴᠠᠬᠤ | ᠪᠣᠯᠣᠨ᠎ᠠ᠃ |