1. ᠲᠦᠳᠡ ᠵᠠᠮ ᠭᠡᠳᠡᠭ ᠨᠢ ᠶᠡᠷᠦ ᠳᠡᠭᠡᠨ ᠬᠤᠯᠠ ᠶᠢᠨ ᠵᠠᠮ ᠢ ᠳᠥᠲᠡᠯᠡᠵᠤ ᠶᠠᠪᠤᠬᠤ ᠶᠢ ᠬᠡᠯᠡᠨ᠎ᠡ᠃ ᠭᠡᠬᠦ ᠳᠤ ᠵᠠᠪᠰᠢᠨ ᠳᠠᠯᠢᠮᠳᠠᠭᠤᠯᠵᠤ ᠶᠠᠪᠤᠭᠰᠠᠨ ᠲᠦᠳᠡ | ᠵᠠᠮ ᠨᠢᠭᠡᠪᠦᠷᠢ ᠨᠢ ᠲᠣᠭᠤᠷᠢᠭᠤ ᠵᠠᠮ ᠪᠠᠶᠢᠭᠰᠠᠨ ᠭᠡᠳᠡᠭ ᠢ ᠬᠥᠮᠥᠰ ᠬᠤᠵᠢᠮ ᠨᠢ ᠰᠡᠷᠡᠵᠦ ᠮᠡᠳᠡᠳᠡᠭ᠃ ᠵᠠᠪᠰᠢᠨ ᠳᠠᠯᠢᠮᠳᠠᠭᠤᠯᠳᠠᠭ ᠬᠥᠮᠦᠨ ᠰᠢᠯᠢᠳᠡᠭ ᠬᠦᠮᠦᠨ | ᠪᠣᠯᠵᠤ ᠴᠢᠳᠠᠬᠤ ᠦᠭᠡᠢ᠂ ᠬᠠᠷᠢᠨ ᠬᠠᠯᠠᠰᠢᠷᠠᠯ ᠦᠭᠡᠢ ᠵᠢᠳᠬᠦᠳᠡᠭ ᠬᠦᠮᠦᠨ ᠯᠡ ᠰᠠᠶ᠋ᠢ ᠰᠢᠯᠢᠳᠡᠭ ᠬᠦᠮᠦᠨ ᠪᠣᠯᠵᠤ ᠴᠢᠳᠠᠨ᠎ᠠ᠃ | 2. ᠰᠢᠷᠭᠠᠭᠤ ᠴᠢᠷᠮᠠᠶᠢᠯᠭ᠎ᠠ ᠭᠠᠷᠭᠠᠪᠠᠯ ᠰᠠᠶ᠋ᠢ ᠵᠢᠩᠬᠢᠨᠢ ᠡᠷᠳᠡᠮ ᠲᠠᠢ ᠪᠣᠯᠵᠤ ᠴᠢᠳᠠᠨ᠎ᠠ ᠶᠠᠮᠠᠷᠪᠠ ᠬᠡᠷᠡᠭ ᠶᠠᠪᠤᠳᠠᠯ ᠳᠤ ᠴᠥᠮ ᠬᠠᠲᠠᠭᠤᠵᠢᠯ ᠴᠢᠬᠤᠯᠠ ᠲᠠᠢ᠂ | ᠶᠡᠭᠡ ᠶᠢ ᠦᠵᠡᠵᠦ᠂ ᠬᠠᠯᠠᠰᠢᠷᠠᠯ ᠦᠭᠡᠢ ᠴᠢᠷᠮᠠᠶᠢᠯᠭ᠎ᠠ ᠭᠠᠷᠭᠠᠭᠰᠠᠨ ᠬᠦᠮᠦᠨ ᠠᠵᠢᠯ ᠶᠠᠪᠤᠳᠠᠯ ᠢ ᠠᠶᠠᠨᠳᠠᠭᠠᠨ ᠪᠦᠲᠦᠭᠡᠵᠤ ᠴᠢᠳᠠᠨ᠎ᠠ᠃ ᠰᠡᠷᠭᠦᠯᠡᠩ ᠬᠥᠮᠦᠨ | ᠬᠠᠯᠠᠰᠢᠷᠠᠯ ᠦᠭᠡᠢ ᠵᠢᠳᠬᠦᠬᠦ ᠪᠠᠨ ᠮᠡᠳᠡᠨ᠎ᠡ᠂ ᠰᠢᠷᠭᠠᠭᠤ ᠴᠢᠷᠮᠠᠶᠢᠯᠭ᠎ᠠ ᠭᠠᠷᠭᠠᠬᠤ ᠶᠢ ᠮᠡᠳᠡᠳᠡᠭ ᠬᠥᠮᠦᠨ᠂ ᠵᠢᠩᠬᠢᠨᠢ ᠡᠷᠳᠡᠮ ᠲᠠᠢ ᠪᠣᠯᠵᠤ ᠴᠢᠳᠠᠨ᠎ᠠ᠃ | 3. ᠠᠩᠬᠠᠷᠤᠯ ᠢᠶᠠᠨ ᠲᠥᠪᠯᠡᠷᠡᠭᠦᠯᠦᠨ ᠠᠵᠢᠯ ᠬᠢᠬᠦ ᠪᠣᠯ ᠰᠠᠶ᠋ᠢ ᠵᠢᠩᠬᠢᠨᠢ ᠲᠦᠳᠡ ᠵᠠᠮ ᠮᠥᠨ ᠬᠥᠮᠦᠨ ᠪᠣᠯᠭᠠᠨ ᠤ ᠴᠠᠭ ᠪᠠ ᠬᠦᠴᠦ ᠨᠢ ᠪᠦᠷ ᠬᠢᠵᠠᠭᠠᠷ ᠲᠠᠢ | ᠪᠠᠶᠢᠳᠠᠭ᠂ ᠵᠢᠩᠬᠢᠨᠢ ᠴᠢᠳᠠᠮᠠᠭᠠᠢ ᠬᠦᠮᠦᠰ ᠶᠡᠭᠡ ᠶᠢ ᠬᠥᠭᠡᠭᠡᠴᠡᠯᠳᠦᠬᠦ ᠦᠭᠡᠢ ᠪᠣᠯᠪᠠᠴᠤ ᠨᠠᠷᠢᠯᠢᠭ ᠪᠠᠶᠢᠬᠤ ᠶᠢ ᠬᠥᠭᠡᠭᠡᠴᠡᠯᠳᠦᠳᠡᠭ᠃ ᠶᠠᠮᠠᠷ ᠨᠢᠭᠡᠨ ᠴᠠᠷ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠤᠳᠠᠭᠠᠨ ᠳᠠᠭᠠᠭᠠᠮᠠᠭᠠᠶ ᠪᠠᠷᠢᠮᠲᠠᠯᠠᠨ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠲᠤᠷᠰᠢᠯᠭ᠎ᠠ ᠬᠤᠷᠠᠮᠳᠤᠭᠤᠯᠵᠤ᠂ | ᠴᠢᠳᠠᠪᠤᠷᠢ ᠪᠠᠨ ᠨᠡᠮᠡᠭᠳᠡᠭᠦᠯᠪᠡᠯ ᠰᠠᠶ᠋ᠢ ᠵᠢᠩᠬᠢᠨᠢ ᠪᠠᠷ ᠳᠡᠭᠡᠭᠰᠢᠯᠡᠵᠦ ᠴᠢᠳᠠᠨ᠎ᠠ᠃ ᠯᠠᠪᠳᠠᠭᠤᠨ ᠲᠣᠭᠲᠠᠭᠤᠨ ᠪᠠᠶᠢᠵᠤ ᠴᠢᠳᠠᠬᠤ ᠪᠣᠯ ᠠᠮᠵᠢᠯᠲᠠ ᠳᠤ ᠬᠦᠷᠬᠦ ᠬᠠᠮᠤᠭ ᠤᠨ | ᠲᠦᠳᠡ ᠵᠠᠮ ᠪᠣᠯᠤᠨ᠎ᠠ᠃ |