ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠪᠦᠯ ᠤᠨ ᠤᠯᠠᠷᠢᠯ ᠤᠨ ᠰᠣᠶᠣᠯ ᠵᠤᠭᠠᠴᠠᠯ ‍ᠤᠨ‌ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/11/22
       2024 ᠣᠨ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠮᠦᠩᠭᠦᠨ ᠡᠪᠦᠯ ‍ᠦᠨ‌‍ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠲᠥᠯᠥᠪᠵᠢᠭᠦᠯᠵᠦ᠂ ᠴᠢᠨᠠᠷ ᠰᠠᠶᠢᠲᠠᠢ ᠮᠥᠰᠥ ᠴᠠᠰᠤᠨ ᠤ ᠪᠠᠶᠠᠯᠢᠭ ᠪᠠ ᠤᠮᠠᠷᠠᠲᠤ ᠶᠢᠨ ᠰᠣᠶᠣᠯ ᠤᠨ ᠠᠭᠤᠯᠬᠤᠨ ᠳᠤ ᠲᠦᠰᠢᠭᠯᠡᠨ᠂ ︽ᠴᠠᠰᠣᠲᠣ ᠶᠡᠭᠡ ᠲᠠᠯ᠎ᠠ ᠴᠠᠭᠠᠨ ᠮᠦᠩᠭᠦᠨ ᠡᠸᠡᠩᠬᠢ︾ ᠪᠠᠷ ᠭᠤᠣᠯ ᠰᠡᠳᠦᠪ ᠪᠣᠯᠭᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ᠂ ᠬᠡᠷᠡᠭᠯᠡᠭᠡ ᠶᠢ ᠳᠠᠶᠢᠴᠢᠯᠠᠬᠤ ᠪᠠᠷ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠡᠪᠦᠯ ᠤᠨ ᠤᠯᠠᠷᠢᠯ ᠤᠨ ᠴᠢᠨᠠᠷ ᠰᠠᠶᠢᠲᠠᠢ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠣᠨᠴᠠᠯᠢᠭᠲᠤ ᠠᠵᠢᠯᠯᠠᠭ᠎ᠠ ᠶᠢ ᠲᠥᠯᠥᠪᠵᠢᠭᠦᠯᠵᠦ᠂  ᠮᠥᠰᠥ ᠴᠠᠰᠤᠨ ᠤ ᠬᠡᠷᠡᠭᠯᠡᠭᠡ ᠶᠢ ᠠᠬᠢᠭᠤᠯᠤᠨ᠎ᠠ᠃ 
20241122-1-1.png
        2024 ᠣᠨ ᠤ 11 ᠰᠠᠷ᠎ᠠ ᠶᠢᠨ 17 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠪᠣᠴᠠᠯᠤᠮ᠎ᠠ ᠡᠸᠡᠩᠬᠢ︾ ᠬᠠᠯᠠᠭᠤᠨ ᠲᠣᠭᠤᠭ᠎ᠠ ᠶᠢᠨ ᠢᠳᠡᠭᠡᠨ ᠤ ᠤᠯᠠᠷᠢᠯ ᠤᠨ ᠬᠡᠷᠡᠭᠯᠡᠭᠡᠨ ᠤ ᠲᠡᠮᠳᠡᠭᠲᠦ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠴᠣᠭᠴᠠᠯᠠᠬᠤ ᠬᠦᠷᠢᠶᠡᠯᠡᠩ ᠳᠤ ᠠᠮᠵᠢᠯᠲᠠ ᠲᠠᠢ ᠥᠨᠳᠥᠷᠯᠡᠵᠦ᠂ 500 ᠭᠠᠷᠤᠢ ᠵᠤᠭᠠᠴᠠᠭᠰᠠᠳ ᠤᠨ ᠠᠩᠬᠠᠷᠣᠯ ᠢ ᠲᠠᠲᠠᠵᠤ᠂ ᠬᠤᠰᠢᠭᠤᠨ ᠤ ᠬᠡᠪᠴᠢᠶᠡᠨ ᠳᠤ 2 ᠬᠠᠯᠠᠭᠤᠨ ᠲᠣᠭᠤᠭ᠎ᠠ ᠶᠢᠨ ᠬᠤᠭᠤᠯᠠᠨ ᠭᠡᠷ᠂ 30 ᠭᠠᠷᠤᠢ ᠪᠣᠳᠠᠰ ᠤᠨ ᠪᠤᠰᠤ ᠰᠣᠶᠣᠯ ᠤᠨ ᠡᠭᠦᠳᠦᠯᠲᠡ ᠪᠠ ᠠᠮᠲᠠᠲᠤ ᠢᠳᠡᠭᠡᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠳᠡᠯᠭᠡᠨ ᠦᠵᠡᠭᠦᠯᠭᠡ ᠦᠷᠨᠢᠭᠦᠯᠵᠦ᠂ ᠨᠡᠶᠢᠲᠡ 20000 ᠭᠠᠷᠤᠢ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠪᠠᠶᠢᠨ᠎ᠠ᠃       ᠣᠳᠣᠬᠠᠨ ᠳᠤ᠂ ᠮᠠᠨ ᠤ ᠬᠤᠰᠢᠭᠤ ᠶᠠᠭ ᠲᠠᠷᠠᠭᠠᠴᠢ ᠶᠢᠨ ᠭᠤᠣᠯ ᠰᠡᠳᠦᠪᠲᠦ ᠮᠥᠰᠥ ᠴᠠᠰᠤᠨ ᠤ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠶᠠᠭᠠᠷᠠᠯᠲᠠᠢ ᠪᠡᠯᠡᠳᠬᠡᠵᠦ ᠪᠣᠶ᠂ 12 ᠰᠠᠷ᠎ᠠ ᠶᠢᠨ 6 ᠤ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠴᠣᠭᠴᠠᠯᠠᠬᠤ ᠬᠦᠷᠢᠶᠡᠯᠡᠩ ᠤᠨ 2A ᠲᠠᠰ ᠤᠨ ᠦᠵᠡᠮᠵᠢ ᠶᠢᠨ ᠣᠷᠣᠨ ᠳᠤ 2024 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠪᠦᠯ ᠤᠨ ᠤᠯᠠᠷᠢᠯ ᠤᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠤᠯᠠᠷᠢᠯ ᠵᠢᠴᠢ ︽ᠢᠳᠡᠰᠢ︾ ᠡᠪᠦᠯ ᠤᠨ ᠮᠢᠬ᠎ᠠ ᠬᠠᠳᠠᠭᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠪᠣᠶ᠃ ᠲᠤᠰ ᠠᠵᠢᠯᠯᠠᠭ᠎ᠠ ᠨᠢ ︽ᠢᠳᠡᠰᠢ︾ ᠡᠪᠦᠯ ᠤᠨ ᠤᠯᠠᠷᠢᠯ ᠤᠨ ᠮᠢᠬ᠎ᠠ ᠬᠠᠳᠠᠭᠠᠯᠠᠬᠤ ᠵᠠᠬ᠎ᠠ ᠲᠣᠭᠤᠷᠢᠭ᠂ ᠤᠮᠠᠷᠠᠲᠤ ᠶᠢᠨ ᠠᠷᠠᠳ ᠤᠨ ᠵᠠᠩ ᠦᠢᠯᠡ ᠶᠢᠨ ᠰᠣᠨᠢᠷᠬᠠᠯᠲᠤ ᠠᠵᠢᠯᠯᠠᠭ᠎ᠠ ᠶᠢᠨ ᠲᠣᠭᠤᠷᠢᠭ᠂ ᠮᠥᠰᠥ ᠴᠠᠰᠤᠨ ᠤ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠭᠦᠯᠦᠯᠭᠡ ᠶᠢᠨ ᠲᠣᠭᠤᠷᠢᠭ᠂ ᠣᠨᠴᠠᠯᠢᠭᠲᠤ ᠠᠮᠲᠠᠲᠤ ᠢᠳᠡᠭᠡᠨ ᠤ ᠲᠣᠭᠤᠷᠢᠭ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠣᠭᠤᠷᠢᠭ ᠵᠡᠷᠭᠡ ᠬᠡᠷᠡᠭᠯᠡᠭᠡᠨ ᠤ ᠠᠵᠢᠯᠯᠠᠭ᠎ᠠ ᠶᠢᠨ ᠲᠣᠭᠤᠷᠢᠭ ᠢ ᠪᠠᠶᠢᠷᠢᠯᠠᠭᠤᠯᠬᠤ ᠪᠠᠷ ᠪᠤᠢ᠃ ᠲᠤᠬᠠᠢ ᠶᠢᠨ ᠦᠶ᠎ᠡ ᠳᠤ ᠬᠥᠯᠥᠨ ᠪᠤᠶᠢᠷ ᠤᠨ ᠭᠤᠣᠯ ᠬᠤᠳᠠ ᠲᠣᠭᠤᠷᠢᠭ ᠤᠨ ᠰᠠᠭᠤᠭᠠᠯᠢ ᠠᠷᠠᠳ ᠪᠣᠯᠣᠨ ᠭᠠᠳᠠᠨ᠎ᠠ ᠠᠴᠠ ᠢᠷᠡᠭᠰᠡᠨ ᠵᠤᠭᠠᠴᠠᠭᠰᠠᠳ ᠤᠨ ᠠᠩᠬᠠᠷᠤᠯ ᠢ ᠲᠠᠲᠠᠵᠤ ᠤᠮᠠᠷᠠᠲᠤ ᠶᠢᠨ ᠠᠷᠠᠳ ᠤᠨ ᠵᠠᠩ ᠦᠢᠯᠡ ᠶᠢᠨ ᠰᠣᠶᠣᠯ ᠢ ᠣᠶᠢᠯᠠᠭᠠᠭᠤᠯᠵᠤ᠂ ᠥᠪᠡᠷ ᠤᠨ ᠳᠤᠷᠠᠲᠠᠢ ᠪᠦᠲᠦᠭᠡᠭᠳᠡᠬᠦᠨ ᠢᠶᠠᠨ ᠬᠤᠳᠠᠯᠳᠤᠨ ᠠᠪᠴᠤ᠂ ᠡᠪᠦᠯ ᠤᠨ ᠤᠯᠠᠷᠢᠯ ᠤᠨ ᠵᠤᠭᠠᠴᠠᠯ ᠤᠨ ᠬᠠᠯᠠᠮᠰᠢᠯ ᠢ ᠦᠷᠭᠦᠯᠵᠢᠯᠡᠨ ᠪᠠᠲᠤᠯᠠᠬᠤ  ᠪᠣᠯᠣᠨ᠎ᠠ᠃       ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂  ᠰᠢ ᠶᠢᠨ ᠫᠢᠩ ᠶᠡᠷᠦᠩᠬᠡᠢ ᠱᠦᠵᠢ ᠶᠢᠨ ︽ᠮᠥᠰᠥ ᠴᠠᠰᠤᠨ ᠳᠤ ᠬᠤᠴᠢᠭᠳᠠᠭᠰᠠᠨ ᠭᠠᠵᠠᠷ ᠴᠤ ᠠᠯᠲᠠ ᠮᠥᠩᠭᠦᠨ ᠠᠭᠤᠯᠠ ᠮᠦᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠵᠤᠭᠠᠴᠠᠭᠴᠢ ᠪᠣᠯᠣᠨ‌ᠬᠤᠳᠠ ᠶᠢᠨ ᠠᠷᠠᠳ ᠤᠨ ᠬᠤᠶᠠᠷ ᠵᠠᠬ᠎ᠠ ᠳᠡᠯᠭᠡᠭᠦᠷ ᠲᠤ ᠬᠠᠨᠳᠤᠭᠤᠯᠤᠨ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠵᠤ᠂ ᠬᠥᠯᠥᠨ ᠪᠤᠶᠢᠷ ᠤᠨ ᠡᠪᠦᠯ ᠤᠨ ᠤᠯᠠᠷᠢᠯ ᠤᠨ ︽ᠡᠮᠦᠨ᠎ᠡ ᠱᠤᠭᠤᠮ ᠤᠨ ᠵᠤᠭᠠᠴᠠᠯ︾  ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ